• 1 ℃
  2017ᠣᠨ ᠤ 09ᠰᠠᠷ᠎ᠠ ᠶᠢᠨ 20ᠡᠳᠦᠷ

ᠤᠨᠴᠠᠯᠢᠭᠳᠤ ᠡᠬᠢ ᠪᠠᠶᠠᠯᠢᠭ

 • ᠰᠤᠷᠪᠤᠯᠵᠢ ᠶᠢᠨ ᠨᠡᠷ᠎ᠡ᠄ 
 • ᠭᠠᠷ ᠤᠷᠠᠯᠠᠯ
 • ᠵᠣᠬᠢᠶᠠᠭᠴᠢ᠄ 
 • ᠥᠪᠥᠷ ᠮᠣᠩᠭᠣᠯ ᠤᠨ ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠦᠨ ᠣᠷᠳᠤᠨ
 • ᠪᠠᠭᠲᠠᠭᠠᠮᠵᠢ᠄ 
 • 1.99 MB
 • ᠰᠤᠷᠪᠤᠯᠵᠢ ᠶᠢᠨ ᠲᠥᠷᠥᠯ ᠵᠦᠢᠯ ᠄ 
 • ᠨᠡᠢᠲᠡᠯᠡᠭᠰᠡᠨ ᠴᠠᠭ ᠄
 • 2017-02-10
 • ᠄   1
 • ᠄   0
 • ᠄   0
 • ᠄  0

ᠪᠢᠳᠡᠨ ᠦ ᠣᠶᠢᠯᠠᠭᠠᠯᠲᠠ ᠳᠠᠬᠢ ᠭᠠᠷ ᠤᠷᠠᠯᠠᠯ ᠤᠨ ᠪᠦᠲᠦᠭᠡᠭᠳᠡᠬᠦᠨ ᠭᠡᠭᠴᠢ ᠪᠣᠯ ᠡᠳ᠋ᠯᠡᠭᠡ ᠬᠡᠷᠡᠭᠯᠡᠭᠡᠨ ᠳᠦ ᠵᠣᠷᠢᠭᠤᠯᠤᠭᠰᠠᠨ ᠪᠢᠰᠢ ᠂ ᠬᠠᠷᠢᠨ ᠵᠢᠷᠤᠬᠤ ᠂ ᠪᠢᠴᠢᠬᠦ ᠂ ᠣᠶᠣᠬᠤ ᠂ ᠳᠠᠷᠬᠠᠯᠠᠬᠤ ᠵᠡᠷᠭᠡ ᠪᠡᠷ ᠤᠷᠠᠯᠢᠭᠵᠢᠭᠤᠯᠤᠨ ᠪᠦᠲᠦᠭᠡᠵᠦ ᠂ ᠦᠵᠡᠮᠦᠷᠢ ᠶᠢᠨ ᠪᠤᠶᠤ ᠪᠡᠯᠡᠭ ᠳᠤᠷᠠᠰᠬᠠᠯ ᠤᠨ ᠬᠡᠷᠡᠭᠴᠡᠭᠡᠨ ᠳᠦ ᠵᠣᠷᠢᠭᠤᠯᠤᠨ ᠬᠢᠭᠰᠡᠨ ᠂ ᠪᠣᠳᠠᠲᠠᠢ ᠬᠡᠷᠡᠭᠯᠡᠭᠡᠨ ᠦ ᠵᠠᠷᠢᠮ ᠶᠠᠭᠤᠮ᠎ᠠ ᠶᠢ ᠳᠠᠭᠤᠷᠢᠶᠠᠯᠭᠠᠨ ᠬᠢᠭᠰᠡᠨ ᠣᠨᠴᠠᠯᠢᠭ ᠲᠠᠢ ᠵᠦᠢᠯ ᠢ ᠬᠡᠯᠡᠵᠦ ᠪᠠᠶᠢᠭ᠎ᠠ ᠶᠤᠮ ᠃ ᠮᠣᠩᠭᠣᠯᠴᠤᠳ ᠠᠮᠢᠳᠤᠷᠠᠯ ᠦᠢᠯᠡᠳᠪᠦᠷᠢᠯᠡᠯ ᠦᠨ ᠠᠯᠢᠪᠠ ᠶᠠᠭᠤᠮ᠎ᠠ ᠪᠠᠨ ᠭᠠᠷ  ᠢᠶᠠᠷ ᠬᠢᠳᠡᠭ ᠪᠠᠶᠢᠭᠰᠠᠨ ᠃ ᠪᠥᠬᠡᠯᠢᠭ ᠂ ᠡᠳ᠋ᠯᠡᠭᠡ ᠳᠠᠭᠠᠭᠠᠬᠤ ᠂ ᠨᠡᠭᠦᠳᠡᠯ ᠪᠠᠭᠤᠳᠠᠯ ᠤᠨ ᠠᠮᠢᠳᠤᠷᠠᠯ ᠳᠤ ᠵᠣᠬᠢᠴᠠᠭᠰᠠᠨ ᠪᠠᠶᠢᠬᠤ ᠱᠠᠭᠠᠷᠳᠠᠯᠭ᠎ᠠ ᠶᠢᠨ ᠳᠠᠭᠠᠤ ᠭᠣᠶᠣᠮᠰᠣᠭ ᠂ ᠡᠷᠬᠢᠮᠰᠦᠭ ᠬᠠᠷᠠᠭᠳᠠᠬᠤ ᠂ ᠥᠯᠵᠡᠢ ᠳᠡᠮᠪᠡᠷᠢᠯ ᠲᠡᠢ ᠪᠠᠶᠢᠬᠤ ᠶᠢ ᠡᠷᠬᠢᠮᠯᠡᠬᠦ ᠶᠢ ᠶᠡᠬᠡᠳᠡ ᠠᠩᠬᠠᠷᠤᠨ ᠵᠣᠷᠢᠳᠠᠭ ᠃ ᠳᠠᠶᠢᠨ ᠬᠥ ᠠᠮᠢᠳᠤᠷᠠᠯ ᠤᠨ ᠡᠳ᠋ᠯᠡᠯ ᠬᠡᠷᠡᠭᠯᠡᠯ ᠦᠳ  ᠨᠢ ᠪᠦᠷ ᠯᠠ ᠭᠠᠷ ᠤᠷᠠᠯᠠᠯ ᠤᠨ ᠨᠠᠨᠳᠢᠨ ᠪᠦᠲᠦᠭᠡᠯ ᠦᠳ ᠪᠠᠶᠢᠭᠰᠠᠨ ᠭᠡᠵᠦ ᠬᠡᠯᠡᠵᠦ ᠪᠣᠯᠤᠨ᠎ᠠ ᠃ ᠮᠣᠩᠭᠣᠯᠴᠤᠳ ᠬᠡᠷ ᠲᠡᠷᠭᠡ ᠂ ᠠᠳᠤᠭᠤ ᠮᠠᠯ ᠤᠨ ᠡᠳ᠋ᠯᠡᠯ ᠬᠡᠷᠡᠭᠰᠡᠯ ᠂ ᠬᠡᠷ ᠦᠨ ᠲᠠᠪᠢᠯᠭ᠎ᠠ ᠂ ᠪᠠᠭᠠᠵᠢ ᠁ ᠪᠦᠬᠦ ᠶᠠᠭᠤᠮᠠᠨ ᠳᠤ ᠭᠠᠷ ᠤᠨ ᠤᠷ᠎ᠠ ᠪᠠᠨ ᠰᠢᠩᠭᠡᠭᠡᠵᠦ ᠪᠦᠲᠦᠭᠡᠳᠡᠭ ᠪᠣᠯᠬᠣᠷ ᠭᠠᠷ ᠤᠷᠠᠯᠠᠯ ᠤᠨ ᠤᠯᠠᠮᠵᠢᠯᠠᠯ ᠢ ᠪᠤᠢ ᠪᠣᠯᠭᠠᠭᠰᠠᠨ ᠶᠤᠮ ᠃

ᠭᠠᠷ ᠤᠷᠠᠯᠠᠯ

ᠰᠢᠭᠦᠮᠵᠢ