• 1 ℃
    2017ᠣᠨ ᠤ 09ᠰᠠᠷ᠎ᠠ ᠶᠢᠨ 20ᠡᠳᠦᠷ

ᠤᠨᠴᠠᠯᠢᠭᠳᠤ ᠡᠬᠢ ᠪᠠᠶᠠᠯᠢᠭ

  • ᠰᠤᠷᠪᠤᠯᠵᠢ ᠶᠢᠨ ᠨᠡᠷ᠎ᠡ᠄ 
  • ᠨᠢᠭᠡ ᠄ ᠵᠡᠭᠦᠨ ᠮᠤᠩᠭᠤᠯ  ᠤᠨ ᠨᠠᠶᠢᠷᠠᠯ ᠬᠦᠭᠵᠢᠮ
  • ᠵᠣᠬᠢᠶᠠᠭᠴᠢ᠄ 
  • ᠥᠪᠥᠷ ᠮᠣᠩᠭᠣᠯ ᠤᠨ ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠦᠨ ᠣᠷᠳᠤᠨ
  • ᠪᠠᠭᠲᠠᠭᠠᠮᠵᠢ᠄ 
  • 52 MB
  • ᠰᠤᠷᠪᠤᠯᠵᠢ ᠶᠢᠨ ᠲᠥᠷᠥᠯ ᠵᠦᠢᠯ ᠄ 
  • ᠨᠡᠢᠲᠡᠯᠡᠭᠰᠡᠨ ᠴᠠᠭ ᠄
  • 2017-02-06
  • ᠄   40
  • ᠄   0
  • ᠄   0
  • ᠄  0

ᠵᠡᠭᠦᠨ ᠣᠷᠣᠨ ᠤ ᠮᠣᠩᠭᠣᠯᠴᠤᠳ ᠤᠨ ᠨᠠᠶᠢᠷᠠᠯ ᠬᠥᠭᠵᠢᠮ ᠳᠦ ᠭᠣᠣᠯᠳᠠᠭᠤ ᠳᠥᠷᠪᠡᠨ ᠤᠲᠠᠰᠤᠲᠤ ᠬᠤᠭᠤᠷ ᠂ ᠴᠤᠭᠤᠷ ᠂ ᠱᠠᠨᠵᠠ ᠂ ᠶᠣᠣᠴᠢᠨ ᠂ ᠯᠢᠩᠪᠦ ᠵᠡᠷᠭᠡ ᠬᠥᠭᠵᠢᠮ ᠦᠳ ᠣᠷᠣᠯᠴᠠᠵᠤ ᠂ ᠳᠥᠷᠪᠡᠨ ᠤᠲᠠᠰᠤᠲᠤ ᠬᠤᠭᠤᠷ ᠢᠶᠠᠷ ᠭᠣᠣᠯᠯᠠᠵᠤ ᠂ ᠤᠷᠠᠯᠢᠭᠴᠢᠳ ᠤᠨ ᠠᠪᠢᠶᠠᠰ ᠢᠶᠠᠨ ᠪᠠᠳᠠᠷᠠᠭᠤᠯᠵᠤ ᠬᠠᠮᠲᠤᠷᠠᠨ ᠬᠥᠭᠵᠢᠮᠳᠡᠳᠡᠭ ᠃ ᠵᠡᠭᠦᠨ ᠮᠣᠩᠭᠣᠯ ᠣᠷᠣᠨ  ᠢᠶᠠᠷ ᠵᠢᠷᠢᠮ ᠠᠶᠢᠮᠠᠭ ᠂ ᠬᠢᠩᠭᠠᠨ ᠂ ᠤᠯᠠᠭᠠᠨᠬᠠᠳᠠ ᠵᠡᠷᠭᠡ ᠭᠠᠵᠠᠷ ᠣᠷᠣᠨ ᠤ ᠨᠠᠶᠢᠷᠠᠯ ᠬᠥᠭᠵᠢᠮ ᠦᠨ ᠬᠠᠮᠲᠤᠷᠠᠨ ᠬᠥᠭᠵᠢᠮᠳᠡᠬᠦ ᠠᠷᠭ᠎ᠠ ᠪᠠ ᠬᠡᠪ ᠨᠠᠮᠪᠠ  ᠨᠢ ᠣᠶᠢᠷᠠᠯᠴᠠᠭ᠎ᠠ ᠪᠠᠶᠢᠵᠤ ᠂ ᠠᠷᠠᠳ ᠲᠦᠮᠡᠨ  ᠨᠢ ᠨᠠᠶᠢᠷ ᠬᠤᠷᠢᠮ ᠳᠤ ᠬᠠᠮᠲᠤ ᠪᠠᠷ  ᠢᠶᠠᠨ ᠳᠠᠭᠤᠯᠠᠨ ᠬᠥᠭᠵᠢᠮᠳᠡᠳᠡᠭ ᠃ ᠵᠡᠭᠦᠨ ᠮᠣᠩᠭᠣᠯ ᠤᠨ ᠨᠠᠶᠢᠷᠠᠯ ᠬᠥᠭᠵᠢᠮ ᠳᠦ ᠠᠷᠠᠳ ᠤᠨ ᠳᠠᠭᠤᠤ ᠪᠠᠷ ᠭᠣᠣᠯᠯᠠᠭᠰᠠᠨ ᠪᠣᠯᠬᠣᠷ ᠬᠥᠭᠵᠢᠮ ᠦᠨ ᠠᠶᠠᠯᠭᠤ  ᠨᠢ ᠭᠣᠣᠯᠳᠠᠭᠤ ᠠᠷᠠᠳ ᠤᠨ ᠳᠠᠭᠤᠤ ᠶᠢ ᠬᠤᠪᠢᠷᠠᠭᠠᠯᠲᠠ ᠬᠢᠵᠦ ᠬᠥᠭᠵᠢᠮᠳᠡᠳᠡᠭ ᠃ ᠵᠢᠱᠢᠶᠡᠯᠡᠪᠡᠯ ᠄ ︽ ᠮᠡᠳᠡᠷᠡᠭ ︾ ︽ ᠨᠠᠢᠮᠠᠨ ᠠᠶᠠᠯᠭᠤ ︾ ︽ ᠳ᠋ᠧ ᠱᠧᠩ ᠯᠢᠩ ︾ ᠵᠡᠷᠭᠡ ᠣᠯᠠᠨ ᠠᠶ᠎ᠠ ᠪᠠᠶᠢᠳᠠᠭ ᠃ ᠲᠥᠯᠥᠭᠡᠯᠡᠭᠴᠢ ᠤᠷᠠᠯᠢᠭᠴᠢᠳ ᠭᠡᠪᠡᠯ ᠪᠦᠷᠢᠨ ᠂ ᠲᠤᠩᠭᠠᠯᠠᠭ ᠂ ᠪᠠᠢ ᠯᠢᠶᠠᠨ ᠰᠢ ᠂ ᠰᠣᠶᠣᠯᠲᠤ ᠵᠡᠷᠭᠡ ᠪᠠᠶᠢᠳᠠᠭ ᠃

ᠲᠣᠪᠴᠢ ᠲᠠᠨᠢᠯᠴᠠᠭᠤᠯᠭ᠎ᠠ

ᠪᠠᠢ ᠶᠢᠨ ᠱᠠᠨ ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ᠃ 1947 ᠣᠨ ᠤ 12 ᠰᠠᠷ᠎ᠠ ᠳᠤ ᠬᠣᠷᠴᠢᠨ ᠵᠡᠭᠦᠨ ᠬᠣᠶᠢᠲᠤ ᠬᠣᠰᠢᠭᠤᠨ ᠳᠤ ᠲᠥᠷᠥᠵᠡᠢ ᠃ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠴᠡ 2008 ᠣᠨ ᠤ 11 ᠰᠠᠷ᠎ᠠ ᠳᠤ ᠠᠵᠢᠯ ᠠᠴᠠ ᠪᠠᠨ ᠠᠮᠠᠷᠠᠵᠠᠢ ᠃ ᠪᠠᠢ ᠶᠢᠨ ᠱᠠᠨ ᠪᠠᠭ᠎ᠠ ᠠᠴᠠ ᠪᠠᠨ ᠳᠥᠷᠪᠡᠨ ᠤᠲᠠᠰᠤᠲᠤ ᠬᠤᠭᠤᠷ ᠲᠤ ᠲᠣᠩ ᠪᠠᠬᠠᠲᠠᠢ ᠂ ᠠᠷᠪᠠᠨ ᠨᠠᠰᠤᠨ ᠠᠴᠠ ᠪᠠᠨ ᠡᠬᠢᠯᠡᠨ ᠬᠤᠭᠤᠷ ᠰᠤᠷᠴᠠᠢ ᠃ ᠮᠣᠩᠭᠣᠯ ᠦᠨᠳᠦᠰᠦᠲᠡᠨ ᠦ ᠳᠥᠷᠪᠡᠨ ᠤᠲᠠᠰᠤᠲᠤ ᠬᠤᠭᠤᠷ ᠤᠨ ᠠᠯᠳᠠᠷᠲᠤ ᠪᠠᠭᠰᠢ ᠰᠦᠨ ᠯᠢᠶᠠᠩ ᠢ ᠪᠠᠭᠰᠢ ᠪᠠᠷᠢᠵᠠᠢ ᠃ 2005 ᠣᠨ ᠳᠤ ᠨᠠᠢᠮᠠᠨ ᠮᠤᠵᠢ ᠣᠷᠣᠨ ᠤ ᠳᠥᠷᠪᠡᠨ ᠤᠲᠠᠰᠤᠲᠤ ᠬᠤᠭᠤᠷ ᠤᠨ ᠤᠷᠤᠯᠳᠤᠭᠠᠨ ᠳᠤ ᠬᠣᠶᠠᠳᠤᠭᠠᠷ ᠲᠠᠰ ᠤᠨ ᠱᠠᠩᠨᠠᠯ ᠢ ᠬᠦᠷᠲᠡᠵᠡᠢ ᠃ 2006 ᠣᠨ ᠳᠤ ᠪᠡᠭᠡᠵᠢᠩ ᠦᠨ ᠣᠯᠠᠨ ᠤᠯᠤᠰ  ᠤᠨ ᠤᠷᠠᠯᠢᠭ ᠤᠨ ᠪᠠᠶᠠᠷ ᠲᠤ ︽ ᠾᠧ ᠢᠩ ᠬᠤᠸᠠ ︾ ᠶᠢ ᠬᠤᠭᠤᠷᠳᠠᠵᠠᠢ ᠃ ᠡᠭᠦᠨ ᠡᠴᠡ ᠭᠠᠳᠠᠨ᠎ᠠ ᠂ ᠪᠠᠢ ᠶᠢᠨ ᠱᠠᠨ ᠪᠠᠭ᠎ᠠ ᠪᠤᠰᠤ ᠳᠥᠷᠪᠡᠨ ᠤᠲᠠᠰᠤᠲᠤ ᠬᠤᠭᠤᠷ ᠤᠨ ᠠᠪᠢᠶᠠᠰ ᠪᠢᠯᠢᠭ ᠲᠡᠢ ᠬᠥᠮᠦᠰ ᠢ ᠬᠥᠮᠦᠵᠢᠭᠦᠯᠵᠦ ᠂ ᠦᠨᠳᠦᠰᠦᠲᠡᠨ ᠦ ᠬᠥᠭᠵᠢᠮ ᠦᠨ ᠰᠤᠳᠤᠯᠭᠠᠨ ᠳᠤ ᠬᠤᠪᠢ ᠨᠡᠮᠡᠷᠢ ᠦᠵᠡᠭᠦᠯᠵᠡᠢ ᠃

ᠪᠠᠢ ᠯᠢᠶᠠᠨ ᠰᠢ ( ᠪᠠᠢ ᠂ ᠵᠠᠯᠭᠠᠪᠠᠶᠠᠷ ) ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ᠂ 1955 ᠣᠨ ᠳᠤ ᠤᠤᠯ ᠤᠨ ᠵᠢᠷᠢᠮ ᠠᠶᠢᠮᠠᠭ ᠤᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠪᠠᠶᠠᠰᠬᠤᠯᠠᠩ ᠰᠤᠮᠤᠨ ᠳᠤ ᠲᠥᠷᠥᠵᠡᠢ ᠃ ᠣᠳᠣ ᠳᠤ ᠥᠪᠥᠷ ᠮᠣᠩᠭᠣᠯ ᠤᠨ ᠦᠨᠳᠦᠰᠦᠲᠡᠨ ᠦ ᠤᠷᠠᠯᠢᠭ ᠤᠨ ᠳᠡᠭᠡᠳᠦ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ ᠪᠤᠢ ; ᠤᠯᠤᠰ ᠤᠨ ᠨᠢᠭᠡᠳᠦᠭᠡᠷ ᠲᠠᠰ ᠤᠨ ᠪᠠᠭᠰᠢ ᠶᠢᠨ ᠴᠣᠯᠠ ᠲᠠᠢ ; ᠠᠯᠳᠠᠷᠲᠤ ᠠᠷᠠᠳ ᠤᠨ ᠤᠷᠠᠯᠢᠭᠴᠢᠨ ; ᠬᠠᠷᠠᠬᠠᠨ ᠪᠠᠭ᠎ᠠ ᠠᠴᠠ ᠪᠠᠨ ᠬᠤᠭᠤᠷ ᠬᠥᠭᠵᠢᠮ ᠳᠦ ᠳᠤᠷ᠎ᠠ ᠪᠠᠬᠠᠲᠠᠢ ᠪᠥᠭᠡᠳ ᠣᠨᠴᠠᠭᠠᠢ ᠠᠪᠢᠶᠠᠰ ᠲᠠᠢ ᠂ ᠬᠣᠷᠴᠢᠨ ᠤ ᠠᠯᠳᠠᠷᠲᠤ ᠠᠷᠠᠳ ᠤᠨ ᠬᠥᠭᠵᠢᠮᠴᠢᠨ ᠲᠡᠭᠰᠢᠳᠦᠭᠦᠷᠡᠩ ᠂ ᠬᠠᠢ ᠯᠥᠩ ᠵᠡᠷᠭᠡ ᠳᠥᠷᠪᠡᠨ ᠤᠲᠠᠰᠤᠲᠤ ᠬᠤᠭᠤᠷ ᠤᠨ ᠪᠠᠭᠰᠢ ᠨᠠᠷ ᠲᠠᠢ ᠣᠯᠠᠨᠲᠠ ᠠᠭᠤᠯᠵᠠᠨ ᠂ ᠲᠡᠳᠡᠨᠡᠷ ᠡᠴᠡ ᠣᠯᠠᠨ ᠵᠦᠢᠯ ᠦᠨ ᠬᠤᠭᠤᠷᠳᠠᠬᠤ ᠠᠷᠭ᠎ᠠ ᠮᠡᠷᠭᠡᠵᠢᠯ ᠰᠤᠷᠬᠤ ᠶᠢᠨ ᠳᠠᠭᠠᠤ ᠥᠪᠡᠷ ᠦᠨ ᠬᠡᠪ ᠨᠠᠮᠪᠠ ᠪᠦᠬᠦᠢ ᠣᠨᠴᠠᠯᠢᠭ ᠲᠠᠢ ᠠᠷᠠᠳ ᠤᠨ ᠳᠠᠭᠤᠤ ᠶᠢᠨ ᠠᠶᠠᠯᠭᠤ ᠶᠢ ᠣᠨᠴᠠ ᠴᠡᠪᠡᠷ ᠲᠣᠳᠣ ᠬᠥᠭᠵᠢᠮᠳᠡᠳᠡᠭ ᠢᠶᠡᠷ ᠠᠯᠳᠠᠷ ᠨᠡᠷ᠎ᠡ ᠭᠠᠷᠤᠭᠰᠠᠨ ᠪᠠᠶᠢᠨ᠎ᠠ ᠃    ᠪᠠᠶᠠᠨᠲᠤᠩᠭᠠᠯᠠᠭ ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ; 1950 ᠣᠨ ᠳᠤ ᠲᠦᠩᠯᠢᠶᠣᠣ ᠬᠣᠲᠠ ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠪᠣᠷᠣᠨᠮᠤᠲᠤ ᠰᠤᠮᠤ ᠶᠢᠨ ᠪᠠᠶᠠᠨᠲᠣᠬᠣᠢ ᠭᠠᠴᠠᠭᠠᠨ ᠳᠤ ᠲᠥᠷᠥᠵᠡᠢ ᠃ ᠪᠠᠶᠠᠨᠲᠤᠩᠭᠠᠯᠠᠭ ᠡᠪᠦᠭᠡ ᠳᠡᠭᠡᠳᠦᠰ ᠦᠨ ᠢᠶᠡᠨ ᠤᠷ᠎ᠠ ᠮᠡᠷᠭᠡᠵᠢᠯ ᠂ ᠠᠪᠢᠶᠠᠰ ᠪᠢᠯᠢᠭ ᠢ ᠤᠯᠠᠮᠵᠢᠯᠠᠵᠤ ᠳᠥᠷᠪᠡᠨ ᠤᠲᠠᠰᠤᠲᠤ ᠬᠤᠭᠤᠷ ᠲᠤ ᠲᠣᠩ ᠳᠤᠷ᠎ᠠ ᠪᠠᠬᠠᠲᠠᠢ ᠃ 11 ᠨᠠᠰᠤᠲᠠᠢ ᠳᠠᠭᠠᠨ ᠡᠪᠦᠭᠡ ᠪᠣᠯᠤᠨ ᠡᠴᠢᠭᠡ ᠡᠴᠡ ᠪᠡᠨ ᠳᠤᠷᠪᠠ ᠤᠲᠠᠰᠤᠲᠤ ᠬᠤᠭᠤᠷ ᠂ ᠱᠠᠨᠵᠠ ᠂ ᠴᠤᠭᠤᠷ ᠵᠡᠷᠭᠡ ᠦᠨᠳᠦᠰᠦᠲᠡᠨ ᠦ ᠤᠷᠠᠯᠢᠭ ᠢ ᠰᠤᠷᠴᠤ ᠡᠬᠢᠯᠡᠵᠡᠢ ᠃ 1983 ᠣᠨ ᠠᠴᠠ 1995 ᠣᠨ ᠤ ᠬᠣᠭᠣᠷᠣᠨᠳᠣ ᠳᠥᠷᠪᠡᠨ ᠤᠲᠠᠰᠤᠲᠤ ᠬᠤᠭᠤᠷ ᠤᠨ ᠠᠯᠳᠠᠷᠲᠤ ᠪᠠᠭᠰᠢ ᠰᠦᠨ ᠯᠢᠶᠠᠩ ᠲᠠᠢ ᠬᠠᠮᠲᠤᠷᠠᠨ ᠦᠵᠡᠭᠦᠯᠭᠡ ᠭᠠᠷᠭᠠᠵᠠᠢ ᠃ 2005 ᠣᠨ ᠳᠤ ᠨᠠᠢᠮᠠᠨ ᠮᠤᠵᠢ ᠣᠷᠣᠨ ᠤ ︽ ᠮᠣᠩᠭᠣᠯ ᠦᠨᠳᠦᠰᠦᠲᠡᠨ ᠦ ᠳᠥᠷᠪᠡᠨ ᠬᠤᠭᠤᠷ ᠤᠨ ᠲᠧᠯᠸᠢᠰ ᠠᠩᠭᠠᠯᠲᠤ ᠤᠷᠤᠯᠳᠤᠭᠠᠨ ︾ ᠳᠤ ᠭᠤᠷᠪᠠᠳᠤᠭᠠᠷ ᠲᠠᠰ ᠤᠨ ᠱᠠᠩᠨᠠᠯ ᠢ ᠬᠦᠷᠲᠡᠵᠡᠢ ᠃ ᠲᠡᠷᠡ ᠪᠠᠰᠠ ᠮᠣᠩᠭᠣᠯ ᠦᠨᠳᠦᠰᠦᠲᠡᠨ ᠦ ᠳᠥᠷᠪᠡᠨ ᠤᠲᠠᠰᠤᠲᠤ ᠬᠤᠭᠤᠷ ᠂ ᠱᠠᠨᠵᠠ ᠂ ᠴᠤᠭᠤᠷ ᠵᠡᠷᠭᠡ ᠦᠨᠳᠦᠰᠦᠲᠡᠨ ᠦ ᠤᠯᠠᠮᠵᠢᠯᠠᠯᠲᠤ ᠤᠷᠠᠯᠢᠭ ᠤᠨ ᠰᠢᠨᠵᠢᠯᠡᠯ ᠳᠦ ᠬᠦᠴᠦᠨ ᠨᠡᠮᠡᠷᠢ ᠦᠵᠡᠭᠦᠯᠵᠡᠢ ᠃ ᠪᠦᠷᠢᠨ ᠂ ᠪᠠᠭ᠎ᠠ ᠶᠢᠨ ᠨᠡᠷ᠎ᠡ ᠪᠦᠷᠢᠨᠪᠠᠶᠠᠷ ᠃ ᠮᠣᠩᠭᠣᠯ ᠦᠨᠳᠦᠰᠦᠲᠡᠨ 1940 ᠣᠨ 2 ᠳ᠋ᠤᠭᠠᠷ ᠰᠠᠷ᠎ᠠ ᠤᠤᠯ ᠤᠨ ᠵᠢᠷᠢᠮ ᠠᠶᠢᠮᠠᠭ ᠤᠨ ᠲᠠᠷᠬᠠᠨ ᠬᠣᠰᠢᠭᠤᠨ ᠤ ᠵᠢᠷ ᠨᠢᠭᠡᠨ ᠮᠠᠯᠴᠢᠨ ᠤ ᠬᠡᠷ ᠲᠦ ᠮᠡᠨᠳᠦᠯᠡᠵᠡᠢ ᠃ ᠲᠡᠷᠡ ᠬᠠᠷᠠᠬᠠᠨ ᠪᠠᠭ᠎ᠠ ᠠᠴᠠ ᠪᠠᠨ ᠳᠠᠭᠤᠤ ᠬᠥᠭᠵᠢᠮ ᠳᠦ ᠪᠠᠬᠠᠲᠠᠢ ᠪᠠᠶᠢᠵᠤ ᠂ ᠡᠵᠢ ᠶᠢᠨ ᠢᠶᠡᠨ ᠠᠷᠠᠳ ᠤᠨ ᠳᠠᠭᠤᠤ ᠶᠢᠨ ᠪᠦᠪᠡᠢ ᠳᠦ ᠪᠣᠶᠢᠵᠢᠵᠤ ᠂ ᠬᠡᠦᠬᠡᠳ ᠨᠠᠰᠤᠨ ᠠᠴᠠ ᠪᠠᠨ ᠡᠬᠢᠯᠡᠨ ᠳᠥᠷᠪᠡᠨ ᠴᠢᠬᠢᠲᠦ ᠶᠢ ᠡᠬᠢᠯᠡᠨ ᠰᠤᠷᠴᠠᠢ ᠃ 1955 ᠣᠨ ᠰᠤᠷᠭᠠᠭᠤᠯᠢ ᠰᠣᠶᠣᠯ ᠤᠨ ᠮᠥᠷ ᠢ ᠬᠥᠭᠡᠭᠡᠵᠦ ᠲᠦᠩᠯᠢᠶᠣᠣ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠳᠠᠭᠠᠨ ᠴᠤᠭᠤᠷ ᠡᠬᠢᠯᠡᠨ ᠰᠤᠷᠴᠤ ᠂ ᠰᠤᠷᠭᠠᠭᠤᠯᠢ ᠶᠢᠨ ᠤᠷᠠᠨ ᠰᠠᠶᠢᠬᠠᠨ ᠤ ᠭᠣᠣᠯ ᠭᠡᠰᠢᠭᠦᠨ ᠪᠣᠯᠵᠠᠢ ᠃ 1959 ᠣᠨ ᠳᠤ ᠥᠪᠥᠷ ᠮᠣᠩᠭᠣᠯ ᠤᠨ ᠷᠠᠳᠢᠣ᠋ ᠤᠷᠠᠨ ᠰᠠᠶᠢᠬᠠᠨ ᠤ ᠪᠦᠯᠬᠦᠮ ᠳᠦ ᠲᠣᠭᠯᠠᠭᠴᠢ ᠪᠠᠷ ᠡᠯᠰᠡᠭᠳᠡ ᠲᠤᠰᠬᠠᠢ ᠮᠡᠷᠭᠡᠵᠢᠯ ᠦᠨ ᠮᠣᠷᠢᠨ ᠬᠤᠭᠤᠷᠴᠢ ᠪᠣᠯᠤᠭᠰᠠᠨ ᠪᠠᠶᠢᠨ᠎ᠠ ᠃ ᠲᠤᠰ ᠵᠢᠯ ᠡᠴᠡ ᠡᠬᠢᠯᠡᠨ ᠬᠣᠶᠢᠨ᠎ᠠ ᠡᠮᠦᠨ᠎ᠡ ᠰᠠᠩᠳᠦᠭᠦᠷᠡᠩ ᠂ ᠰᠡᠷᠡᠰᠢ ᠂ ᠰᠦᠨ ᠯᠢᠶᠠᠩ ᠂ ᠪᠠᠯᠭᠠᠨ ᠂ ᠪᠠᠪᠤᠳᠣᠷᠵᠢ ᠵᠡᠷᠭᠡ ᠠᠯᠳᠠᠷᠲᠤ ᠤᠷᠠᠯᠢᠭᠴᠢᠨ ᠠᠴᠠ ᠮᠣᠷᠢᠨ ᠬᠤᠭᠤᠷ ᠂ ᠴᠤᠭᠤᠷ ᠂ ᠳᠥᠷᠪᠡᠨ ᠴᠢᠬᠢᠲᠦ ᠵᠡᠷᠭᠡ ᠮᠣᠩᠭᠣᠯ ᠦᠨᠳᠦᠰᠦᠲᠡᠨ ᠦ ᠤᠯᠠᠮᠵᠢᠯᠠᠯᠲᠤ ᠬᠥᠭᠵᠢᠮ ᠢ ᠰᠤᠷᠤᠯᠴᠠᠭᠰᠠᠨ ᠲᠡᠦᠬᠡ ᠲᠡᠢ ᠃ ᠪᠦᠷᠢᠨ ᠨᠥᠬᠥᠷ ᠤᠷᠢᠳ ᠬᠣᠵᠢᠳ ᠥᠪᠥᠷ ᠮᠣᠩᠭᠣᠯ ᠤᠨ ᠲᠧᠯᠸᠢᠰ ᠬᠤᠷᠢᠶᠠᠨ ᠤ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠂ ᠳᠤᠮᠳᠠᠳᠤ ᠤᠯᠤᠰ ᠤᠨ ᠷᠠᠳᠢᠣ᠋ ᠲᠧᠯᠸᠢᠰ ᠬᠤᠷᠠᠯ ᠤᠨ ᠭᠡᠰᠢᠭᠦᠨ ᠂ ᠳᠤᠮᠳᠠᠳᠤ ᠤᠯᠤᠰ ᠤᠨ ᠲᠧᠯᠸᠢᠰ ᠤᠷᠠᠯᠢᠭᠴᠢᠨ ᠤ ᠨᠡᠶᠢᠭᠡᠮᠯᠢᠭ ᠦᠨ ᠭᠡᠰᠢᠭᠦᠨ ᠂ ᠥᠪᠥᠷ ᠮᠣᠩᠭᠣᠯ ᠤᠨ ᠲᠧᠯᠸᠢᠰ ᠤᠷᠠᠯᠢᠭᠴᠢᠨ ᠤ ᠨᠡᠶᠢᠭᠡᠮᠯᠢᠭ ᠦᠨ ᠪᠠᠶᠢᠩᠭᠤ ᠶᠢᠨ ᠬᠡᠷᠡᠭ ᠡᠷᠬᠢᠯᠡᠭᠴᠢ ᠂ ᠳᠤᠮᠳᠠᠳᠤ ᠤᠯᠤᠰ ᠤᠨ ᠲᠧᠯᠸᠢᠰ ᠳᠠᠭᠤᠤ ᠬᠥᠭᠵᠢᠮ ᠦᠨ ᠬᠤᠷᠠᠯ ᠤᠨ ᠭᠡᠰᠢᠭᠦᠨ ᠂ ᠥᠪᠥᠷ ᠮᠣᠩᠭᠣᠯ ᠤᠨ ᠳᠠᠭᠤᠤ ᠬᠥᠭᠵᠢᠮᠴᠢᠳ ᠦᠨ ᠨᠡᠶᠢᠭᠡᠮᠯᠢᠭ  ᠦᠨ ᠳᠡᠳ᠋ ᠲᠡᠷᠢᠭᠦᠯᠡᠭᠴᠢ ᠪᠣᠯᠤᠨ ᠥᠪᠥᠷ ᠮᠣᠩᠭᠣᠯ ᠤᠨ ᠴᠤᠭᠤᠷ ᠤᠨ ᠨᠡᠶᠢᠭᠡᠮᠯᠢᠭ ᠦᠨ ᠳᠠᠷᠤᠭ᠎ᠠ ᠵᠡᠷᠭᠡ ᠨᠡᠶᠢᠭᠡᠮ ᠦᠨ ᠲᠤᠰᠢᠶᠠᠯ ᠲᠠᠢ ᠪᠠᠶᠢᠨ᠎ᠠ ᠃ ᠪᠦᠷᠢᠨ ᠨᠥᠬᠥᠷ ᠪᠣᠯ ᠮᠣᠩᠭᠣᠯ ᠦᠨᠳᠦᠰᠦᠲᠡᠨ ᠦ ᠮᠣᠷᠢᠨ ᠬᠤᠭᠤᠷ ᠂ ᠴᠤᠭᠤᠷ ᠤᠨ ᠤᠯᠠᠮᠵᠢᠯᠠᠯᠲᠤ ᠲᠠᠲᠠᠯᠭ᠎ᠠ ᠳᠠᠷᠤᠯᠭ᠎ᠠ ᠶᠢ ᠪᠦᠷᠢᠮᠦᠰᠦᠨ ᠡᠵᠡᠮᠰᠢᠭᠰᠡᠨ ᠪᠥᠭᠡᠳ ᠭᠤᠷᠪᠠᠨ ᠵᠦᠢᠯ ᠦᠨ ᠬᠥᠭ ᠲᠣᠭᠲᠠᠪᠤᠷᠢᠵᠢᠭᠤᠯᠤᠯ ᠪᠣᠯᠤᠨ ᠲᠠᠪᠤᠨ ᠵᠦᠢᠯ ᠦᠨ ᠳᠠᠷᠤᠯᠭ᠎ᠠ ᠶᠢᠨ ᠰᠢᠰᠲ᠋ᠧᠮ ᠢ ᠭᠦᠨᠵᠡᠭᠡᠢ ᠰᠤᠳᠤᠯᠤᠭᠰᠠᠨ ᠮᠥᠷᠲᠡᠭᠡᠨ ᠤᠯᠠᠮᠵᠢᠯᠠᠯᠲᠤ ᠬᠢᠭᠡᠳ ᠣᠳᠣᠬᠢ ᠂ ᠠᠷᠠᠳ ᠤᠨ ᠬᠢᠭᠡᠳ ᠮᠡᠷᠭᠡᠵᠢᠯ ᠦᠨ ᠂ ᠣᠨᠣᠯ ᠬᠢᠭᠡᠳ ᠦᠢᠯᠡᠳᠦᠯᠭᠡ ᠶᠢ ᠨᠢᠭᠡᠳᠬᠡᠭᠰᠡᠨ ᠲᠠᠷᠬᠠᠨ ᠮᠣᠷᠢᠨ ᠬᠤᠭᠤᠷᠴᠢᠨ ᠂ ᠴᠣᠭᠣᠷᠴᠢᠨ ᠪᠣᠯᠤᠨ᠎ᠠ ᠃

ᠰᠤᠶᠤᠯᠳᠦ ᠂ ᠠᠷᠡᠭ᠍ᠳᠡᠢ ᠂ ᠮᠤᠩᠭᠤᠯ ᠦᠨᠳᠦᠰᠦᠳᠠᠨ ᠂ 1984 ᠤᠨ  ᠳᠦ ᠲᠦᠩᠯᠢᠶᠤᠤ ᠬᠤᠳᠠ ᠵᠢᠨ ᠬᠤᠷᠴᠢᠨ ᠵᠡᠭᠦᠨ ᠭᠠᠷᠤᠨ ᠬᠤᠶᠢᠳᠦ ᠬᠤᠰᠢᠭᠤᠨ  ᠤ ᠵᠢᠷᠭᠠᠯᠠᠩ ᠪᠠᠯᠭᠠᠰᠤᠨ  ᠤ ᠵᠡᠭᠦᠨᠰᠤᠤ ᠭᠠᠴᠠᠭᠠᠨ  ᠤ ᠠᠩ  ᠤᠨ ᠲᠡᠷᠢᠶᠠᠴᠢᠨ  ᠤ ᠭᠡᠷ  ᠲᠤ ᠵᠠᠶᠠᠭᠠᠵᠠᠢ ᠃ ᠬᠤᠶᠢᠨ᠎ᠠ ᠠᠮᠤᠨ᠎ᠡ ᠲᠦᠩᠯᠢᠶᠤᠤ ᠤᠷᠠᠯᠢᠭ  ᠤᠨ ᠰᠤᠷᠭᠠᠭᠤᠯᠢ ᠪᠤᠯᠤᠨ ᠦᠪᠤᠷ ᠮᠤᠩᠭᠤᠯ  ᠤᠨ ᠦᠨᠳᠤᠰᠤᠳᠠᠨ  ᠣ ᠶᠡᠬᠡ ᠰᠤᠷᠭᠠᠭᠤᠯᠢ ᠵᠢᠨ ᠳᠠᠭᠤᠤ ᠬᠦᠭᠵᠢᠮ  ᠤᠨ ᠰᠠᠯᠪᠤᠷᠢ  ᠳᠦ ᠰᠤᠷᠤᠯᠴᠠᠵᠠᠢ ᠃ ᠤᠳᠤ ᠦᠪᠤᠷ ᠮᠤᠩᠭᠤᠯ  ᠤᠨ ᠦᠨᠳᠤᠰᠤᠳᠠᠨ  ᠣ ᠶᠡᠬᠡ ᠰᠤᠷᠭᠠᠭᠤᠯᠢ ᠵᠢᠨ ᠬᠦᠬᠡᠬᠤᠳᠠ  ᠳᠠᠬᠢ ᠰᠠᠯᠪᠤᠷᠢ ᠰᠤᠷᠭᠠᠭᠤᠯᠢ  ᠳᠦ ᠲᠦᠷᠪᠡᠨ ᠤᠳᠠᠰᠤᠳᠤ ᠬᠤᠭᠤᠷ  ᠤᠨ ᠪᠠᠭᠰᠢ  ᠪᠡᠷ ᠠᠵᠢᠯᠯᠠᠵᠦ ᠪᠤᠢ ᠃    ᠰᠤᠶᠤᠯᠳᠦ ᠪᠠᠭ᠎ᠠ ᠡᠴᠠ  ᠪᠠᠨ ᠦᠨᠳᠤᠰᠤᠳᠠᠨ  ᠤ ᠤᠯᠠᠮᠵᠢᠯᠠᠯᠳᠤ ᠬᠦᠭᠵᠢᠮ ︱ ᠲᠦᠷᠪᠡᠨ ᠤᠳᠠᠰᠤᠳᠤ ᠬᠤᠭᠤᠷ ᠲᠣ ᠲᠤᠩ ᠪᠠᠬᠠᠳᠠᠢ ᠃ 16 ᠨᠠᠰᠤᠳᠠᠢ  ᠳᠠᠭᠠᠨ ᠬᠤᠷᠴᠢᠨ  ᠤ ᠠᠯᠳᠠᠷᠳᠦ ᠠᠷᠠᠳ  ᠤᠨ ᠤᠷᠠᠯᠢᠭᠴᠢᠨ ᠂ ᠲᠦᠷᠪᠡᠨ ᠤᠳᠠᠰᠤᠳᠤ ᠬᠤᠭᠤᠷ  ᠤᠨ ︽ ᠡᠪᠤᠭᠡ ᠪᠠᠭᠰᠢ ︾ ᠲᠡᠭᠰᠢᠳᠦᠬᠦᠷᠡᠡᠭ  ᠢ ᠪᠠᠭᠰᠢ ᠪᠠᠷᠢᠵᠠᠢ ᠃ ᠮᠠᠰᠢ ᠤᠯᠠᠨ ᠬᠤᠷᠴᠢᠨ ᠠᠷᠡᠳ  ᠤᠨ ᠤᠨᠴᠠᠯᠢᠭ ᠪᠦᠬᠦᠢ ᠬᠦᠭᠵᠢᠮ  ᠤᠨ ᠠᠶ᠎ᠠ ᠵᠢ ᠰᠤᠷᠤᠵᠠᠢ ᠃ ᠵᠢᠱᠢᠶᠡᠯᠡᠪᠡᠯ ᠄ ︽ ᠺᠠᠢ ᠴᠢᠦᠢ ᠬᠤᠸᠠ ︾ ᠂ ︽ ᠴᠡᠪᠡᠷ ᠬᠡᠤᠬᠡᠨ ︾ ︽ ᠰᠠᠬᠢᠭᠤᠯᠰᠤᠨ ᠠᠶᠠᠯᠭᠤ ︾ ᠵᠡᠷᠭᠡ ᠃ 2005 ᠤᠨ  ᠳᠦ ᠨᠠᠢᠮᠠᠨ ᠮᠤᠵᠢ ᠤᠷᠤᠨ  ᠤ ᠲᠦᠷᠪᠡᠨ ᠤᠳᠠᠰᠤᠳᠤ ᠬᠤᠭᠤᠷ  ᠤᠨ ᠤᠷᠤᠯᠳᠤᠭᠠᠨ  ᠳᠦ ᠨᠢᠭᠡᠳᠦᠭᠡᠷ ᠲᠠᠰ  ᠤᠨ ᠱᠠᠩᠨᠠᠯ  ᠢ ᠬᠦᠷᠳᠡᠵᠠᠢ ᠃    ᠲᠤᠭᠳᠠᠨᠵᠢᠷᠭᠠᠯ ᠂ 1960 ᠤᠨ  ᠤ 10 ᠰᠠᠷ᠎ᠡ  ᠳᠦ ᠶᠡᠬᠡ ᠵᠤᠤ ᠠᠶᠢᠮᠠᠭ  ᠤᠨ ᠤᠳᠤᠭ ᠬᠤᠰᠢᠭᠤᠨ  ᠤ ᠨᠢᠭᠡᠨ ᠲᠦᠷᠪᠡᠨ ᠤᠳᠠᠰᠤᠳᠤ ᠬᠤᠭᠤᠷ  ᠤᠨ ᠭᠡᠷ ᠪᠦᠯᠢ  ᠳᠦ ᠵᠠᠶᠠᠭᠠᠵᠠᠢ ᠃ 1975 ᠤᠨ  ᠤ 9 ᠰᠠᠷ᠎ᠡ  ᠳᠦ ᠦᠪᠤᠷ ᠮᠤᠩᠭᠤᠯ  ᠤᠨ ᠤᠷᠠᠯᠢᠭ  ᠤᠨ ᠰᠤᠷᠭᠠᠭᠤᠯᠢ  ᠳᠦ ᠮᠤᠩᠭᠤᠯ ᠲᠦᠷᠪᠡᠨ ᠤᠳᠠᠰᠤᠳᠤ ᠬᠤᠭᠤᠷ  ᠢ ᠰᠤᠷᠤᠯᠴᠠᠵᠠᠢ ᠃ 1978 ᠤᠨ  ᠤ 8 ᠰᠠᠷ᠎ᠡ  ᠳᠦ ᠲᠡᠭᠦᠰᠴᠦ ᠰᠤᠷᠭᠠᠭᠤᠯᠢ  ᠳᠠᠭᠠᠨ ᠦᠯᠡᠳᠡᠵᠦ ᠪᠠᠭᠰᠢᠯᠠᠵᠠᠢ ᠃ ᠤᠳᠤ ᠦᠪᠤᠷ ᠮᠤᠩᠭᠤᠯ  ᠤᠨ ᠶᠡᠬᠡ ᠰᠤᠷᠭᠠᠭᠤᠯᠢ ᠵᠢᠨ ᠤᠷᠠᠯᠢᠭ  ᠤᠨ ᠲᠠᠬᠡᠳᠦ ᠰᠤᠷᠭᠠᠭᠤᠯᠢ  ᠳᠦ ᠲᠦᠷᠪᠡᠨ ᠤᠳᠠᠰᠤᠳᠤ ᠬᠤᠭᠤᠷ ᠵᠢᠭᠠᠵᠦ ᠪᠤᠢ ᠂ ᠲᠡᠭᠡᠳᠦ ᠲᠠᠰ  ᠤᠨ ᠠᠰᠫᠢᠷᠠᠨᠲ ᠃ ᠦᠪᠤᠷ ᠮᠤᠩᠭᠤᠯ  ᠤᠨ ᠲᠦᠷᠪᠡᠨ ᠤᠳᠠᠰᠤᠳᠤ ᠬᠤᠭᠤᠷ  ᠤᠨ ᠨᠡᠶᠢᠭᠡᠮᠯᠢᠭ  ᠤᠨ ᠪᠠᠶᠢᠩᠭᠤ  ᠶᠢᠨ ᠲᠠᠳ᠋ ᠬᠡᠷᠡᠭ ᠠᠷᠬᠢᠯᠡᠭᠴᠢ ᠵᠢᠨ ᠲᠤᠰᠢᠶᠠᠯ  ᠢ ᠬᠠᠷᠢᠭᠤᠴᠠᠵᠦ ᠪᠠᠶᠢᠨ᠎ᠠ ᠃

ᠵᠢᠷᠤᠭ

31 323-3 34

1-1

1-2

1-3

1-4

1-5

1-6

1-7

1-8

ᠰᠢᠭᠦᠮᠵᠢ ᠦᠯᠡᠳᠡᠭᠡᠬᠦ