• 1 ℃
    2017ᠣᠨ ᠤ 09ᠰᠠᠷ᠎ᠠ ᠶᠢᠨ 20ᠡᠳᠦᠷ

ᠤᠨᠴᠠᠯᠢᠭᠳᠤ ᠡᠬᠢ ᠪᠠᠶᠠᠯᠢᠭ

  • ᠰᠤᠷᠪᠤᠯᠵᠢ ᠶᠢᠨ ᠨᠡᠷ᠎ᠡ᠄ 
  • ᠲᠠᠪᠦ ᠄ ᠤᠷᠳᠤᠰ ᠨᠠᠶᠢᠷ  ᠤᠨ ᠠᠶᠠᠯᠭᠤ
  • ᠵᠣᠬᠢᠶᠠᠭᠴᠢ᠄ 
  • ᠥᠪᠥᠷ ᠮᠣᠩᠭᠣᠯ ᠤᠨ ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠦᠨ ᠣᠷᠳᠤᠨ
  • ᠪᠠᠭᠲᠠᠭᠠᠮᠵᠢ᠄ 
  • 52 MB
  • ᠰᠤᠷᠪᠤᠯᠵᠢ ᠶᠢᠨ ᠲᠥᠷᠥᠯ ᠵᠦᠢᠯ ᠄ 
  • ᠨᠡᠢᠲᠡᠯᠡᠭᠰᠡᠨ ᠴᠠᠭ ᠄
  • 2017-02-07
  • ᠄   39
  • ᠄   0
  • ᠄   0
  • ᠄  0

ᠣᠷᠳᠣᠰ ᠠᠷᠠᠳ ᠤᠨ ᠨᠠᠶᠢᠷᠠᠯ ᠬᠥᠭᠵᠢᠮ ᠲᠡᠭᠦᠨ ᠦ ᠭᠠᠵᠠᠷ ᠣᠷᠣᠨ ᠂ ᠠᠵᠤ ᠠᠮᠢᠳᠤᠷᠠᠯ ᠠᠷᠠᠳ ᠲᠦᠮᠡᠨ ᠲᠡᠢ ᠪᠡᠨ ᠬᠠᠮᠲᠤ ᠣᠷᠣᠰᠢᠨ ᠤᠯᠠᠷᠢᠵᠤ ᠬᠥᠭᠵᠢᠵᠦ ᠪᠠᠶᠢᠳᠠᠭ ᠃ ᠭᠣᠣᠯᠳᠠᠭᠤ ᠣᠷᠳᠣᠰ ᠠᠷᠠᠳ ᠤᠨ ᠳᠠᠭᠤᠤ ᠪᠠᠷ ᠭᠣᠣᠯᠯᠠᠵᠤ ᠂ ᠬᠣᠣᠰᠯᠠᠯ ᠬᠥᠭᠵᠢᠮᠳᠡᠬᠦ ᠂ ᠬᠠᠮᠲᠤᠷᠠᠨ ᠬᠥᠭᠵᠢᠮᠳᠡᠬᠦ ᠂ ᠭᠣᠴᠣᠯᠠᠯ ᠬᠥᠭᠵᠢᠮᠳᠡᠬᠦ ᠪᠠ ᠠᠷᠠᠳ ᠤᠨ ᠲᠠᠭᠤᠨ ᠤ ᠬᠠᠪᠰᠤᠷᠤᠯ  ᠢᠶᠠᠷ ᠬᠥᠭᠵᠢᠮᠳᠡᠳᠡᠭ ᠃ ᠣᠷᠳᠣᠰ ᠠᠷᠠᠳ ᠤᠨ ᠨᠠᠶᠢᠷᠠᠯ ᠬᠥᠭᠵᠢᠮ  ᠨᠢ ᠠᠶ᠎ᠠ ᠲᠠᠭᠤᠨ ᠤ ᠲᠠᠯ᠎ᠠ ᠪᠠᠷ ᠦᠰᠦᠷᠦᠯᠲᠡ ᠶᠡᠬᠡᠲᠡᠢ ᠪᠠᠶᠢᠵᠤ ᠂ ᠥᠪᠡᠷᠮᠢᠴᠡ ᠣᠨᠴᠠᠯᠢᠭ ᠲᠠᠢ ᠃ ᠣᠯᠠᠩᠬᠢ ᠳᠠᠭᠠᠨ ᠣᠯᠠᠨ ᠬᠥᠭᠵᠢᠮᠴᠢᠨ ᠲᠡᠢ ᠪᠠᠶᠢᠵᠤ ᠂ ᠭᠣᠣᠯᠳᠠᠭᠤ ᠳᠥᠷᠪᠡᠨ ᠤᠲᠠᠰᠤᠲᠤ ᠬᠤᠭᠤᠷ ᠂ ᠱᠠᠨᠵᠠ ᠂ ᠯᠢᠩᠪᠦ ᠂ ᠶᠣᠣᠴᠢᠨ ᠂ ᠮᠣᠷᠢᠨ ᠬᠤᠭᠤᠷ ᠢᠶᠠᠷ ᠭᠣᠣᠯᠯᠠᠵᠤ ᠂ ᠮᠣᠩᠭᠣᠯ ᠠᠷᠠᠳ ᠤᠨ ᠬᠥᠭᠵᠢᠮ ᠦᠨ ᠠᠶ᠎ᠠ ᠶᠢᠨ ᠬᠡᠪ ᠮᠠᠶ᠋ᠢᠭ ᠢᠶᠠᠨ ᠳᠡᠯᠭᠡᠷᠡᠭᠦᠯᠦᠨ ᠤᠯᠠᠮᠵᠢᠯᠠᠭᠰᠠᠨ ᠪᠠᠶᠢᠳᠠᠭ ᠃ ᠲᠣᠪᠴᠢ ᠲᠠᠨᠢᠯᠴᠠᠭᠤᠯᠭ᠎ᠠ

ᠪᠠᠢ ᠶᠢᠨ ᠱᠠᠨ ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ᠃ 1947 ᠣᠨ ᠤ 12 ᠰᠠᠷ᠎ᠠ ᠳᠤ ᠬᠣᠷᠴᠢᠨ ᠵᠡᠭᠦᠨ ᠬᠣᠶᠢᠲᠤ ᠬᠣᠰᠢᠭᠤᠨ ᠳᠤ ᠲᠥᠷᠥᠵᠡᠢ ᠃ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠴᠡ 2008 ᠣᠨ ᠤ 11 ᠰᠠᠷ᠎ᠠ ᠳᠤ ᠠᠵᠢᠯ ᠠᠴᠠ ᠪᠠᠨ ᠠᠮᠠᠷᠠᠵᠠᠢ ᠃ ᠪᠠᠢ ᠶᠢᠨ ᠱᠠᠨ ᠪᠠᠭ᠎ᠠ ᠠᠴᠠ ᠪᠠᠨ ᠳᠥᠷᠪᠡᠨ ᠤᠲᠠᠰᠤᠲᠤ ᠬᠤᠭᠤᠷ ᠲᠤ ᠲᠣᠩ ᠪᠠᠬᠠᠲᠠᠢ ᠂ ᠠᠷᠪᠠᠨ ᠨᠠᠰᠤᠨ ᠠᠴᠠ ᠪᠠᠨ ᠡᠬᠢᠯᠡᠨ ᠬᠤᠭᠤᠷ ᠰᠤᠷᠴᠠᠢ ᠃ ᠮᠣᠩᠭᠣᠯ ᠦᠨᠳᠦᠰᠦᠲᠡᠨ ᠦ ᠳᠥᠷᠪᠡᠨ ᠤᠲᠠᠰᠤᠲᠤ ᠬᠤᠭᠤᠷ ᠤᠨ ᠠᠯᠳᠠᠷᠲᠤ ᠪᠠᠭᠰᠢ ᠰᠦᠨ ᠯᠢᠶᠠᠩ ᠢ ᠪᠠᠭᠰᠢ ᠪᠠᠷᠢᠵᠠᠢ ᠃ 2005 ᠣᠨ ᠳᠤ ᠨᠠᠢᠮᠠᠨ ᠮᠤᠵᠢ ᠣᠷᠣᠨ ᠤ ᠳᠥᠷᠪᠡᠨ ᠤᠲᠠᠰᠤᠲᠤ ᠬᠤᠭᠤᠷ ᠤᠨ ᠤᠷᠤᠯᠳᠤᠭᠠᠨ ᠳᠤ ᠬᠣᠶᠠᠳᠤᠭᠠᠷ ᠲᠠᠰ ᠤᠨ ᠱᠠᠩᠨᠠᠯ ᠢ ᠬᠦᠷᠲᠡᠵᠡᠢ ᠃ 2006 ᠣᠨ ᠳᠤ ᠪᠡᠭᠡᠵᠢᠩ ᠦᠨ ᠣᠯᠠᠨ ᠤᠯᠤᠰ  ᠤᠨ ᠤᠷᠠᠯᠢᠭ ᠤᠨ ᠪᠠᠶᠠᠷ ᠲᠤ ︽ ᠾᠧ ᠢᠩ ᠬᠤᠸᠠ ︾ ᠶᠢ ᠬᠤᠭᠤᠷᠳᠠᠵᠠᠢ ᠃ ᠡᠭᠦᠨ ᠡᠴᠡ ᠭᠠᠳᠠᠨ᠎ᠠ ᠂ ᠪᠠᠢ ᠶᠢᠨ ᠱᠠᠨ ᠪᠠᠭ᠎ᠠ ᠪᠤᠰᠤ ᠳᠥᠷᠪᠡᠨ ᠤᠲᠠᠰᠤᠲᠤ ᠬᠤᠭᠤᠷ ᠤᠨ ᠠᠪᠢᠶᠠᠰ ᠪᠢᠯᠢᠭ ᠲᠡᠢ ᠬᠥᠮᠦᠰ ᠢ ᠬᠥᠮᠦᠵᠢᠭᠦᠯᠵᠦ ᠂ ᠦᠨᠳᠦᠰᠦᠲᠡᠨ ᠦ ᠬᠥᠭᠵᠢᠮ ᠦᠨ ᠰᠤᠳᠤᠯᠭᠠᠨ ᠳᠤ ᠬᠤᠪᠢ ᠨᠡᠮᠡᠷᠢ ᠦᠵᠡᠭᠦᠯᠵᠡᠢ ᠃

ᠪᠠᠢ ᠯᠢᠶᠠᠨ ᠰᠢ ( ᠪᠠᠢ ᠂ ᠵᠠᠯᠭᠠᠪᠠᠶᠠᠷ ) ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ᠂ 1955 ᠣᠨ ᠳᠤ ᠤᠤᠯ ᠤᠨ ᠵᠢᠷᠢᠮ ᠠᠶᠢᠮᠠᠭ ᠤᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠪᠠᠶᠠᠰᠬᠤᠯᠠᠩ ᠰᠤᠮᠤᠨ ᠳᠤ ᠲᠥᠷᠥᠵᠡᠢ ᠃ ᠣᠳᠣ ᠳᠤ ᠥᠪᠥᠷ ᠮᠣᠩᠭᠣᠯ ᠤᠨ ᠦᠨᠳᠦᠰᠦᠲᠡᠨ ᠦ ᠤᠷᠠᠯᠢᠭ ᠤᠨ ᠳᠡᠭᠡᠳᠦ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ ᠪᠤᠢ ; ᠤᠯᠤᠰ ᠤᠨ ᠨᠢᠭᠡᠳᠦᠭᠡᠷ ᠲᠠᠰ ᠤᠨ ᠪᠠᠭᠰᠢ ᠶᠢᠨ ᠴᠣᠯᠠ ᠲᠠᠢ ; ᠠᠯᠳᠠᠷᠲᠤ ᠠᠷᠠᠳ ᠤᠨ ᠤᠷᠠᠯᠢᠭᠴᠢᠨ ; ᠬᠠᠷᠠᠬᠠᠨ ᠪᠠᠭ᠎ᠠ ᠠᠴᠠ ᠪᠠᠨ ᠬᠤᠭᠤᠷ ᠬᠥᠭᠵᠢᠮ ᠳᠦ ᠳᠤᠷ᠎ᠠ ᠪᠠᠬᠠᠲᠠᠢ ᠪᠥᠭᠡᠳ ᠣᠨᠴᠠᠭᠠᠢ ᠠᠪᠢᠶᠠᠰ ᠲᠠᠢ ᠂ ᠬᠣᠷᠴᠢᠨ ᠤ ᠠᠯᠳᠠᠷᠲᠤ ᠠᠷᠠᠳ ᠤᠨ ᠬᠥᠭᠵᠢᠮᠴᠢᠨ ᠲᠡᠭᠰᠢᠳᠦᠭᠦᠷᠡᠩ ᠂ ᠬᠠᠢ ᠯᠥᠩ ᠵᠡᠷᠭᠡ ᠳᠥᠷᠪᠡᠨ ᠤᠲᠠᠰᠤᠲᠤ ᠬᠤᠭᠤᠷ ᠤᠨ ᠪᠠᠭᠰᠢ ᠨᠠᠷ ᠲᠠᠢ ᠣᠯᠠᠨᠲᠠ ᠠᠭᠤᠯᠵᠠᠨ ᠂ ᠲᠡᠳᠡᠨᠡᠷ ᠡᠴᠡ ᠣᠯᠠᠨ ᠵᠦᠢᠯ ᠦᠨ ᠬᠤᠭᠤᠷᠳᠠᠬᠤ ᠠᠷᠭ᠎ᠠ ᠮᠡᠷᠭᠡᠵᠢᠯ ᠰᠤᠷᠬᠤ ᠶᠢᠨ ᠳᠠᠭᠠᠤ ᠥᠪᠡᠷ ᠦᠨ ᠬᠡᠪ ᠨᠠᠮᠪᠠ ᠪᠦᠬᠦᠢ ᠣᠨᠴᠠᠯᠢᠭ ᠲᠠᠢ ᠠᠷᠠᠳ ᠤᠨ ᠳᠠᠭᠤᠤ ᠶᠢᠨ ᠠᠶᠠᠯᠭᠤ ᠶᠢ ᠣᠨᠴᠠ ᠴᠡᠪᠡᠷ ᠲᠣᠳᠣ ᠬᠥᠭᠵᠢᠮᠳᠡᠳᠡᠭ ᠢᠶᠡᠷ ᠠᠯᠳᠠᠷ ᠨᠡᠷ᠎ᠡ ᠭᠠᠷᠤᠭᠰᠠᠨ ᠪᠠᠶᠢᠨ᠎ᠠ ᠃ ᠪᠠᠶᠠᠨᠲᠤᠩᠭᠠᠯᠠᠭ ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠠᠷᠠᠳ ᠤᠨ ᠤᠷᠠᠯᠢᠭᠴᠢᠨ ; 1950 ᠣᠨ ᠳᠤ ᠲᠦᠩᠯᠢᠶᠣᠣ ᠬᠣᠲᠠ ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠪᠣᠷᠣᠨᠮᠤᠲᠤ ᠰᠤᠮᠤ ᠶᠢᠨ ᠪᠠᠶᠠᠨᠲᠣᠬᠣᠢ ᠭᠠᠴᠠᠭᠠᠨ ᠳᠤ ᠲᠥᠷᠥᠵᠡᠢ ᠃ ᠪᠠᠶᠠᠨᠲᠤᠩᠭᠠᠯᠠᠭ ᠡᠪᠦᠭᠡ ᠳᠡᠭᠡᠳᠦᠰ ᠦᠨ ᠢᠶᠡᠨ ᠤᠷ᠎ᠠ ᠮᠡᠷᠭᠡᠵᠢᠯ ᠂ ᠠᠪᠢᠶᠠᠰ ᠪᠢᠯᠢᠭ ᠢ ᠤᠯᠠᠮᠵᠢᠯᠠᠵᠤ ᠳᠥᠷᠪᠡᠨ ᠤᠲᠠᠰᠤᠲᠤ ᠬᠤᠭᠤᠷ ᠲᠤ ᠲᠣᠩ ᠳᠤᠷ᠎ᠠ ᠪᠠᠬᠠᠲᠠᠢ ᠃ 11 ᠨᠠᠰᠤᠲᠠᠢ ᠳᠠᠭᠠᠨ ᠡᠪᠦᠭᠡ ᠪᠣᠯᠤᠨ ᠡᠴᠢᠭᠡ ᠡᠴᠡ ᠪᠡᠨ ᠳᠤᠷᠪᠠ ᠤᠲᠠᠰᠤᠲᠤ ᠬᠤᠭᠤᠷ ᠂ ᠱᠠᠨᠵᠠ ᠂ ᠴᠤᠭᠤᠷ ᠵᠡᠷᠭᠡ ᠦᠨᠳᠦᠰᠦᠲᠡᠨ ᠦ ᠤᠷᠠᠯᠢᠭ ᠢ ᠰᠤᠷᠴᠤ ᠡᠬᠢᠯᠡᠵᠡᠢ ᠃ 1983 ᠣᠨ ᠠᠴᠠ 1995 ᠣᠨ ᠤ ᠬᠣᠭᠣᠷᠣᠨᠳᠣ ᠳᠥᠷᠪᠡᠨ ᠤᠲᠠᠰᠤᠲᠤ ᠬᠤᠭᠤᠷ ᠤᠨ ᠠᠯᠳᠠᠷᠲᠤ ᠪᠠᠭᠰᠢ ᠰᠦᠨ ᠯᠢᠶᠠᠩ ᠲᠠᠢ ᠬᠠᠮᠲᠤᠷᠠᠨ ᠦᠵᠡᠭᠦᠯᠭᠡ ᠭᠠᠷᠭᠠᠵᠠᠢ ᠃ 2005 ᠣᠨ ᠳᠤ ᠨᠠᠢᠮᠠᠨ ᠮᠤᠵᠢ ᠣᠷᠣᠨ ᠤ ︽ ᠮᠣᠩᠭᠣᠯ ᠦᠨᠳᠦᠰᠦᠲᠡᠨ ᠦ ᠳᠥᠷᠪᠡᠨ ᠬᠤᠭᠤᠷ ᠤᠨ ᠲᠧᠯᠸᠢᠰ ᠠᠩᠭᠠᠯᠲᠤ ᠤᠷᠤᠯᠳᠤᠭᠠᠨ ︾ ᠳᠤ ᠭᠤᠷᠪᠠᠳᠤᠭᠠᠷ ᠲᠠᠰ ᠤᠨ ᠱᠠᠩᠨᠠᠯ ᠢ ᠬᠦᠷᠲᠡᠵᠡᠢ ᠃ ᠲᠡᠷᠡ ᠪᠠᠰᠠ ᠮᠣᠩᠭᠣᠯ ᠦᠨᠳᠦᠰᠦᠲᠡᠨ ᠦ ᠳᠥᠷᠪᠡᠨ ᠤᠲᠠᠰᠤᠲᠤ ᠬᠤᠭᠤᠷ ᠂ ᠱᠠᠨᠵᠠ ᠂ ᠴᠤᠭᠤᠷ ᠵᠡᠷᠭᠡ ᠦᠨᠳᠦᠰᠦᠲᠡᠨ ᠦ ᠤᠯᠠᠮᠵᠢᠯᠠᠯᠲᠤ ᠤᠷᠠᠯᠢᠭ ᠤᠨ ᠰᠢᠨᠵᠢᠯᠡᠯ ᠳᠦ ᠬᠦᠴᠦᠨ ᠨᠡᠮᠡᠷᠢ ᠦᠵᠡᠭᠦᠯᠵᠡᠢ ᠃ ᠪᠦᠷᠢᠨ ᠂ ᠪᠠᠭ᠎ᠠ ᠶᠢᠨ ᠨᠡᠷ᠎ᠡ ᠪᠦᠷᠢᠨᠪᠠᠶᠠᠷ ᠃ ᠮᠣᠩᠭᠣᠯ ᠦᠨᠳᠦᠰᠦᠲᠡᠨ 1940 ᠣᠨ 2 ᠳ᠋ᠤᠭᠠᠷ ᠰᠠᠷ᠎ᠠ ᠤᠤᠯ ᠤᠨ ᠵᠢᠷᠢᠮ ᠠᠶᠢᠮᠠᠭ ᠤᠨ ᠲᠠᠷᠬᠠᠨ ᠬᠣᠰᠢᠭᠤᠨ ᠤ ᠵᠢᠷ ᠨᠢᠭᠡᠨ ᠮᠠᠯᠴᠢᠨ ᠤ ᠬᠡᠷ ᠲᠦ ᠮᠡᠨᠳᠦᠯᠡᠵᠡᠢ ᠃ ᠲᠡᠷᠡ ᠬᠠᠷᠠᠬᠠᠨ ᠪᠠᠭ᠎ᠠ ᠠᠴᠠ ᠪᠠᠨ ᠳᠠᠭᠤᠤ ᠬᠥᠭᠵᠢᠮ ᠳᠦ ᠪᠠᠬᠠᠲᠠᠢ ᠪᠠᠶᠢᠵᠤ ᠂ ᠡᠵᠢ ᠶᠢᠨ ᠢᠶᠡᠨ ᠠᠷᠠᠳ ᠤᠨ ᠳᠠᠭᠤᠤ ᠶᠢᠨ ᠪᠦᠪᠡᠢ ᠳᠦ ᠪᠣᠶᠢᠵᠢᠵᠤ ᠂ ᠬᠡᠦᠬᠡᠳ ᠨᠠᠰᠤᠨ ᠠᠴᠠ ᠪᠠᠨ ᠡᠬᠢᠯᠡᠨ ᠳᠥᠷᠪᠡᠨ ᠴᠢᠬᠢᠲᠦ ᠶᠢ ᠡᠬᠢᠯᠡᠨ ᠰᠤᠷᠴᠠᠢ ᠃ 1955 ᠣᠨ ᠰᠤᠷᠭᠠᠭᠤᠯᠢ ᠰᠣᠶᠣᠯ ᠤᠨ ᠮᠥᠷ ᠢ ᠬᠥᠭᠡᠭᠡᠵᠦ ᠲᠦᠩᠯᠢᠶᠣᠣ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠳᠠᠭᠠᠨ ᠴᠤᠭᠤᠷ ᠡᠬᠢᠯᠡᠨ ᠰᠤᠷᠴᠤ ᠂ ᠰᠤᠷᠭᠠᠭᠤᠯᠢ ᠶᠢᠨ ᠤᠷᠠᠨ ᠰᠠᠶᠢᠬᠠᠨ ᠤ ᠭᠣᠣᠯ ᠭᠡᠰᠢᠭᠦᠨ ᠪᠣᠯᠵᠠᠢ ᠃ 1959 ᠣᠨ ᠳᠤ ᠥᠪᠥᠷ ᠮᠣᠩᠭᠣᠯ ᠤᠨ ᠷᠠᠳᠢᠣ᠋ ᠤᠷᠠᠨ ᠰᠠᠶᠢᠬᠠᠨ ᠤ ᠪᠦᠯᠬᠦᠮ ᠳᠦ ᠲᠣᠭᠯᠠᠭᠴᠢ ᠪᠠᠷ ᠡᠯᠰᠡᠭᠳᠡ ᠲᠤᠰᠬᠠᠢ ᠮᠡᠷᠭᠡᠵᠢᠯ ᠦᠨ ᠮᠣᠷᠢᠨ ᠬᠤᠭᠤᠷᠴᠢ ᠪᠣᠯᠤᠭᠰᠠᠨ ᠪᠠᠶᠢᠨ᠎ᠠ ᠃ ᠲᠤᠰ ᠵᠢᠯ ᠡᠴᠡ ᠡᠬᠢᠯᠡᠨ ᠬᠣᠶᠢᠨ᠎ᠠ ᠡᠮᠦᠨ᠎ᠡ ᠰᠠᠩᠳᠦᠭᠦᠷᠡᠩ ᠂ ᠰᠡᠷᠡᠰᠢ ᠂ ᠰᠦᠨ ᠯᠢᠶᠠᠩ ᠂ ᠪᠠᠯᠭᠠᠨ ᠂ ᠪᠠᠪᠤᠳᠣᠷᠵᠢ ᠵᠡᠷᠭᠡ ᠠᠯᠳᠠᠷᠲᠤ ᠤᠷᠠᠯᠢᠭᠴᠢᠨ ᠠᠴᠠ ᠮᠣᠷᠢᠨ ᠬᠤᠭᠤᠷ ᠂ ᠴᠤᠭᠤᠷ ᠂ ᠳᠥᠷᠪᠡᠨ ᠴᠢᠬᠢᠲᠦ ᠵᠡᠷᠭᠡ ᠮᠣᠩᠭᠣᠯ ᠦᠨᠳᠦᠰᠦᠲᠡᠨ ᠦ ᠤᠯᠠᠮᠵᠢᠯᠠᠯᠲᠤ ᠬᠥᠭᠵᠢᠮ ᠢ ᠰᠤᠷᠤᠯᠴᠠᠭᠰᠠᠨ ᠲᠡᠦᠬᠡ ᠲᠡᠢ ᠃ ᠪᠦᠷᠢᠨ ᠨᠥᠬᠥᠷ ᠤᠷᠢᠳ ᠬᠣᠵᠢᠳ ᠥᠪᠥᠷ ᠮᠣᠩᠭᠣᠯ ᠤᠨ ᠲᠧᠯᠸᠢᠰ ᠬᠤᠷᠢᠶᠠᠨ ᠤ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠂ ᠳᠤᠮᠳᠠᠳᠤ ᠤᠯᠤᠰ ᠤᠨ ᠷᠠᠳᠢᠣ᠋ ᠲᠧᠯᠸᠢᠰ ᠬᠤᠷᠠᠯ ᠤᠨ ᠭᠡᠰᠢᠭᠦᠨ ᠂ ᠳᠤᠮᠳᠠᠳᠤ ᠤᠯᠤᠰ ᠤᠨ ᠲᠧᠯᠸᠢᠰ ᠤᠷᠠᠯᠢᠭᠴᠢᠨ ᠤ ᠨᠡᠶᠢᠭᠡᠮᠯᠢᠭ ᠦᠨ ᠭᠡᠰᠢᠭᠦᠨ ᠂ ᠥᠪᠥᠷ ᠮᠣᠩᠭᠣᠯ ᠤᠨ ᠲᠧᠯᠸᠢᠰ ᠤᠷᠠᠯᠢᠭᠴᠢᠨ ᠤ ᠨᠡᠶᠢᠭᠡᠮᠯᠢᠭ ᠦᠨ ᠪᠠᠶᠢᠩᠭᠤ ᠶᠢᠨ ᠬᠡᠷᠡᠭ ᠡᠷᠬᠢᠯᠡᠭᠴᠢ ᠂ ᠳᠤᠮᠳᠠᠳᠤ ᠤᠯᠤᠰ ᠤᠨ ᠲᠧᠯᠸᠢᠰ ᠳᠠᠭᠤᠤ ᠬᠥᠭᠵᠢᠮ ᠦᠨ ᠬᠤᠷᠠᠯ ᠤᠨ ᠭᠡᠰᠢᠭᠦᠨ ᠂ ᠥᠪᠥᠷ ᠮᠣᠩᠭᠣᠯ ᠤᠨ ᠳᠠᠭᠤᠤ ᠬᠥᠭᠵᠢᠮᠴᠢᠳ ᠦᠨ ᠨᠡᠶᠢᠭᠡᠮᠯᠢᠭ  ᠦᠨ ᠳᠡᠳ᠋ ᠲᠡᠷᠢᠭᠦᠯᠡᠭᠴᠢ ᠪᠣᠯᠤᠨ ᠥᠪᠥᠷ ᠮᠣᠩᠭᠣᠯ ᠤᠨ ᠴᠤᠭᠤᠷ ᠤᠨ ᠨᠡᠶᠢᠭᠡᠮᠯᠢᠭ ᠦᠨ ᠳᠠᠷᠤᠭ᠎ᠠ ᠵᠡᠷᠭᠡ ᠨᠡᠶᠢᠭᠡᠮ ᠦᠨ ᠲᠤᠰᠢᠶᠠᠯ ᠲᠠᠢ ᠪᠠᠶᠢᠨ᠎ᠠ ᠃ ᠪᠦᠷᠢᠨ ᠨᠥᠬᠥᠷ ᠪᠣᠯ ᠮᠣᠩᠭᠣᠯ ᠦᠨᠳᠦᠰᠦᠲᠡᠨ ᠦ ᠮᠣᠷᠢᠨ ᠬᠤᠭᠤᠷ ᠂ ᠴᠤᠭᠤᠷ ᠤᠨ ᠤᠯᠠᠮᠵᠢᠯᠠᠯᠲᠤ ᠲᠠᠲᠠᠯᠭ᠎ᠠ ᠳᠠᠷᠤᠯᠭ᠎ᠠ ᠶᠢ ᠪᠦᠷᠢᠮᠦᠰᠦᠨ ᠡᠵᠡᠮᠰᠢᠭᠰᠡᠨ ᠪᠥᠭᠡᠳ ᠭᠤᠷᠪᠠᠨ ᠵᠦᠢᠯ ᠦᠨ ᠬᠥᠭ ᠲᠣᠭᠲᠠᠪᠤᠷᠢᠵᠢᠭᠤᠯᠤᠯ ᠪᠣᠯᠤᠨ ᠲᠠᠪᠤᠨ ᠵᠦᠢᠯ ᠦᠨ ᠳᠠᠷᠤᠯᠭ᠎ᠠ ᠶᠢᠨ ᠰᠢᠰᠲ᠋ᠧᠮ ᠢ ᠭᠦᠨᠵᠡᠭᠡᠢ ᠰᠤᠳᠤᠯᠤᠭᠰᠠᠨ ᠮᠥᠷᠲᠡᠭᠡᠨ ᠤᠯᠠᠮᠵᠢᠯᠠᠯᠲᠤ ᠬᠢᠭᠡᠳ ᠣᠳᠣᠬᠢ ᠂ ᠠᠷᠠᠳ ᠤᠨ ᠬᠢᠭᠡᠳ ᠮᠡᠷᠭᠡᠵᠢᠯ ᠦᠨ ᠂ ᠣᠨᠣᠯ ᠬᠢᠭᠡᠳ ᠦᠢᠯᠡᠳᠦᠯᠭᠡ ᠶᠢ ᠨᠢᠭᠡᠳᠬᠡᠭᠰᠡᠨ ᠲᠠᠷᠬᠠᠨ ᠮᠣᠷᠢᠨ ᠬᠤᠭᠤᠷᠴᠢᠨ ᠂ ᠴᠣᠭᠣᠷᠴᠢᠨ ᠪᠣᠯᠤᠨ᠎ᠠ ᠃

ᠰᠣᠶᠣᠯᠲᠤ ᠂ ᠡᠷᠡᠭᠲᠡᠢ ᠂ ᠮᠣᠩᠭᠣᠯ ᠦᠨᠳᠦᠰᠦᠲᠡᠨ ᠂ 1984 ᠣᠨ ᠳᠤ ᠲᠦᠩᠯᠢᠶᠣᠣ ᠬᠣᠲᠠ ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠵᠢᠷᠭᠠᠯᠠᠩ ᠪᠠᠯᠭᠠᠰᠤᠨ ᠤ ᠵᠡᠭᠦᠪᠡᠰᠦ ᠭᠠᠴᠠᠭᠠᠨ ᠤ ᠡᠩ ᠦᠨ ᠲᠠᠷᠢᠶᠠᠴᠢᠨ ᠤ ᠬᠡᠷ ᠲᠦ ᠵᠠᠶᠠᠭᠠᠵᠠᠢ ᠃ ᠬᠣᠶᠢᠨ᠎ᠠ ᠡᠮᠦᠨ᠎ᠡ ᠲᠦᠩᠯᠢᠶᠣᠣ ᠤᠷᠠᠯᠢᠭ ᠤᠨ ᠰᠤᠷᠭᠠᠭᠤᠯᠢ ᠪᠣᠯᠤᠨ ᠥᠪᠥᠷ ᠮᠣᠩᠭᠣᠯ ᠤᠨ ᠦᠨᠳᠦᠰᠦᠲᠡᠨ  ᠦ ᠶᠡᠬᠡ ᠰᠤᠷᠭᠠᠭᠤᠯᠢ ᠶᠢᠨ ᠳᠠᠭᠤᠤ ᠬᠥᠭᠵᠢᠮ ᠦᠨ ᠰᠠᠯᠪᠤᠷᠢ ᠳᠤ ᠰᠤᠷᠤᠯᠴᠠᠵᠠᠢ ᠃ ᠣᠳᠣ ᠥᠪᠥᠷ ᠮᠣᠩᠭᠣᠯ ᠤᠨ ᠦᠨᠳᠦᠰᠦᠲᠡᠨ ᠦ ᠶᠡᠬᠡ ᠰᠤᠷᠭᠠᠭᠤᠯᠢ ᠶᠢᠨ ᠬᠥᠬᠡᠬᠣᠲᠠ ᠳᠠᠬᠢ ᠰᠠᠯᠪᠤᠷᠢ ᠰᠤᠷᠭᠠᠭᠤᠯᠢ ᠳᠤ ᠳᠥᠷᠪᠡᠨ ᠤᠲᠠᠰᠤᠲᠤ ᠬᠤᠭᠤᠷ  ᠤᠨ ᠪᠠᠭᠰᠢ ᠪᠠᠷ ᠠᠵᠢᠯᠯᠠᠵᠤ ᠪᠤᠢ ᠃

ᠰᠣᠶᠣᠯᠲᠤ ᠪᠠᠭ᠎ᠠ ᠠᠴᠠ ᠪᠠᠨ ᠦᠨᠳᠦᠰᠦᠲᠡᠨ ᠦ ᠤᠯᠠᠮᠵᠢᠯᠠᠯᠲᠤ ᠬᠥᠭᠵᠢᠮ  ᠳᠥᠷᠪᠡᠨ ᠤᠲᠠᠰᠤᠲᠤ ᠬᠤᠭᠤᠷ ᠲᠤ ᠲᠣᠩ ᠪᠠᠬᠠᠲᠠᠢ ᠃ 16 ᠨᠠᠰᠤᠲᠠᠢ ᠳᠠᠭᠠᠨ ᠬᠣᠷᠴᠢᠨ ᠤ ᠠᠯᠳᠠᠷᠲᠤ ᠠᠷᠠᠳ ᠤᠨ ᠤᠷᠠᠯᠢᠭᠴᠢᠨ ᠂ ᠳᠥᠷᠪᠡᠨ ᠤᠲᠠᠰᠤᠲᠤ ᠬᠤᠭᠤᠷ ᠤᠨ ︽ ᠡᠪᠦᠭᠡ ᠪᠠᠭᠰᠢ ︾ ᠲᠡᠭᠰᠢᠳᠦᠭᠦᠷᠡᠩ ᠢ ᠪᠠᠭᠰᠢ ᠪᠠᠷᠢᠵᠠᠢ ᠃ ᠮᠠᠰᠢ ᠣᠯᠠᠨ ᠬᠣᠷᠴᠢᠨ ᠠᠷᠠᠳ ᠤᠨ ᠣᠨᠴᠠᠯᠢᠭ ᠪᠦᠬᠦᠢ ᠬᠥᠭᠵᠢᠮ ᠦᠨ ᠠᠶ᠎ᠠ ᠶᠢ ᠰᠣᠷᠣᠵᠠᠢ ᠃ ᠵᠢᠱᠢᠶᠡᠯᠡᠪᠡᠯ ᠄ ︽ ᠺᠠᠢ ᠴᠢᠦᠢ ᠬᠤᠸᠠ ︾ ᠂ ︽ ᠴᠡᠪᠡᠷ ᠬᠡᠦᠬᠡᠨ ︾ ︽ ᠰᠠᠬᠢᠭᠤᠯᠰᠤᠨ ᠠᠶᠠᠯᠭᠤ ︾ ᠵᠡᠷᠭᠡ ᠃ 2005 ᠣᠨ ᠳᠤ ᠨᠠᠢᠮᠠᠨ ᠮᠤᠵᠢ ᠣᠷᠣᠨ ᠤ ᠳᠥᠷᠪᠡᠨ ᠤᠲᠠᠰᠤᠲᠤ ᠬᠤᠭᠤᠷ ᠤᠨ ᠤᠷᠤᠯᠳᠤᠭᠠᠨ ᠳᠤ ᠨᠢᠭᠡᠳᠦᠭᠡᠷ ᠲᠠᠰ ᠤᠨ ᠱᠠᠩᠨᠠᠯ ᠢ ᠬᠦᠷᠲᠡᠵᠡᠢ ᠃

ᠳᠤᠭᠳᠠᠨᠵᠢᠷᠭᠠᠯ ᠂ 1960 ᠣᠨ ᠤ 10 ᠰᠠᠷ᠎ᠠ ᠳᠤ ᠶᠡᠬᠡ ᠵᠣᠣ ᠠᠶᠢᠮᠠᠭ ᠤᠨ ᠣᠲᠣᠭ ᠬᠣᠰᠢᠭᠤᠨ ᠤ ᠨᠢᠭᠡᠨ ᠳᠥᠷᠪᠡᠨ ᠤᠲᠠᠰᠤᠲᠤ ᠬᠤᠭᠤᠷ ᠤᠨ ᠬᠡᠷ ᠪᠦᠯᠢ ᠳᠦ ᠵᠠᠶᠠᠭᠠᠵᠠᠢ ᠃ 1975 ᠣᠨ ᠤ 9 ᠰᠠᠷ᠎ᠠ ᠳᠤ ᠥᠪᠥᠷ ᠮᠣᠩᠭᠣᠯ ᠤᠨ ᠤᠷᠠᠯᠢᠭ ᠤᠨ ᠰᠤᠷᠭᠠᠭᠤᠯᠢ ᠳᠤ ᠮᠣᠩᠭᠣᠯ ᠳᠥᠷᠪᠡᠨ ᠤᠲᠠᠰᠤᠲᠤ ᠬᠤᠭᠤᠷ ᠢ ᠰᠤᠷᠤᠯᠴᠠᠵᠠᠢ ᠃ 1978 ᠣᠨ ᠤ 8 ᠰᠠᠷ᠎ᠠ  ᠳᠤ ᠲᠡᠭᠦᠰᠴᠦ ᠰᠤᠷᠭᠠᠭᠤᠯᠢ ᠳᠠᠭᠠᠨ ᠦᠯᠡᠳᠡᠵᠦ ᠪᠠᠭᠰᠢᠯᠠᠵᠠᠢ ᠃ ᠣᠳᠣ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠳᠤ ᠳᠥᠷᠪᠡᠨ ᠤᠲᠠᠰᠤᠲᠤ ᠬᠤᠭᠤᠷ ᠵᠢᠭᠠᠵᠤ ᠪᠤᠢ ᠂ ᠳᠡᠭᠡᠳᠦ ᠲᠠᠰ ᠤᠨ ᠠᠰᠫᠢᠷᠠᠨᠲ ᠃ ᠥᠪᠥᠷ ᠮᠣᠩᠭᠣᠯ ᠤᠨ ᠳᠥᠷᠪᠡᠨ ᠤᠲᠠᠰᠤᠲᠤ ᠬᠤᠭᠤᠷ ᠤᠨ ᠨᠡᠶᠢᠭᠡᠮᠯᠢᠭ ᠦᠨ ᠪᠠᠶᠢᠩᠭᠤ ᠶᠢᠨ ᠳᠡᠳ᠋ ᠬᠡᠷᠡᠭ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ ᠃

ᠯᠢᠩ ᠴᠦᠨ ᠂ ᠡᠮᠡᠭᠲᠡᠢ ᠂ ᠮᠣᠩᠭᠣᠯ ᠦᠨᠳᠦᠰᠦᠲᠡᠨ ᠂ 1956 ᠣᠨ ᠳᠤ ᠰᠢᠯᠢᠩᠭᠤᠸ᠎ᠠ ᠠᠶᠢᠮᠠᠭ ᠤᠨ ᠵᠡᠭᠦᠨ  ᠳᠤ ᠲᠥᠷᠥᠵᠡᠢ ᠃ 1972 ᠣᠨ ᠳᠤ ᠥᠪᠥᠷ ᠮᠣᠩᠭᠣᠯ ᠤᠨ ᠤᠷᠠᠯᠢᠭ ᠤᠨ ᠰᠤᠷᠭᠠᠭᠤᠯᠢ ᠳᠤ ᠰᠢᠯᠭᠠᠨ ᠣᠷᠣᠵᠤ ᠱᠠᠨᠵᠠ ᠶᠢᠨ ᠲᠤᠰᠬᠠᠢ ᠮᠡᠷᠭᠡᠵᠢᠯ ᠢ ᠰᠤᠷᠤᠯᠴᠠᠵᠠᠢ ᠃ ᠲᠡᠭᠦᠨ ᠦ ᠪᠠᠭᠰᠢ  ᠨᠢ ᠮᠣᠩᠭᠣᠯ ᠱᠠᠨᠵᠠ ᠶᠢᠨ ᠡᠷᠳᠡᠮᠲᠡᠨ ᠬᠤᠷᠢᠶᠠᠭᠴᠢ ᠪᠠᠭᠰᠢ ᠪᠣᠯᠤᠨ᠎ᠠ ᠃ 1975 ᠣᠨ ᠳᠤ ᠰᠢᠯᠢᠳᠡᠭ ᠬᠢᠷᠢ ᠪᠦᠲᠦᠮᠵᠢ ᠪᠡᠷ ᠲᠡᠭᠦᠰᠴᠡᠢ ᠃ ᠣᠳᠣ ᠥᠪᠥᠷ ᠮᠣᠩᠭᠣᠯ ᠤᠨ ᠦᠨᠳᠦᠰᠦᠲᠡᠨ ᠦ ᠳᠠᠭᠤᠤ ᠪᠥᠵᠢᠭ ᠦᠨ ᠬᠦᠷᠢᠶᠡᠯᠡᠩ ᠳᠦ ᠤᠯᠤᠰ ᠤᠨ ᠨᠢᠭᠡᠳᠦᠭᠡᠷ ᠲᠠᠰ ᠤᠨ ᠬᠥᠭᠵᠢᠮᠴᠢᠨ ᠢᠶᠡᠷ ᠠᠵᠢᠯᠯᠠᠵᠤ ᠪᠤᠢ ᠃ ᠪᠠᠰᠠ ᠳᠤᠮᠳᠠᠳᠤ ᠤᠯᠤᠰ ᠤᠨ ᠦᠨᠳᠦᠰᠦᠲᠡᠨ ᠦ ᠱᠠᠨᠵᠠ ᠶᠢᠨ ᠲᠤᠰᠬᠠᠢ ᠮᠡᠷᠭᠡᠵᠢᠯ  ᠦᠨ ᠨᠡᠶᠢᠭᠡᠮᠯᠢᠭ ᠦᠨ ᠬᠡᠷᠡᠭ ᠡᠷᠬᠢᠯᠡᠭᠴᠢ ᠂ ᠥᠪᠥᠷ ᠮᠣᠩᠭᠣᠯ ᠤᠨ ᠱᠠᠨᠵᠠ ᠶᠢᠨ ᠨᠡᠶᠢᠭᠡᠮᠯᠢᠭ ᠦᠨ ᠪᠠᠶᠢᠩᠭᠤ ᠶᠢᠨ ᠳᠡᠳ᠋ ᠳᠠᠷᠤᠭ᠎ᠠ ᠃

ᠲᠡᠭᠦᠨ ᠦ ᠭᠣᠣᠯ ᠪᠦᠲᠦᠭᠡᠯ ᠭᠣᠣᠯᠳᠠᠭᠤ ᠱᠠᠨᠵᠠ ᠶᠢᠨ ᠭᠣᠴᠣᠯᠠᠯ ᠬᠥᠭᠵᠢᠮ ︽ ᠰᠡᠨᠵᠢᠳᠮ᠎ᠠ ︾ ᠂ ︽ ᠪᠠᠶᠠᠰᠬᠤᠯᠠᠩᠲᠤ ᠨᠠᠭᠠᠳᠤᠮ ︾ ᠂ ︽ ᠨᠤᠭᠤᠨᠵᠠᠶᠠᠭ᠎ᠠ ︾ ᠂ ︽ ᠬᠥᠭᠡᠷᠦᠬᠦᠨ ᠬᠤᠷᠠᠭ᠎ᠠ ︾ ᠂ ︽ ᠤᠨᠠᠭᠠᠴᠢᠨ ︾ ᠃ ᠳᠥᠷᠪᠡᠨ ᠤᠲᠠᠰᠤᠲᠤ ᠱᠠᠨᠵᠠ ᠶᠢᠨ ᠬᠣᠣᠰᠯᠠᠯ ᠬᠥᠭᠵᠢᠮ ︽ ᠲᠦᠪᠡᠷᠭᠡᠨ ︾ ᠃ ︽ ᠪᠢᠴᠢᠬᠠᠨ ᠤᠷᠭᠠᠴᠢᠨ ︾ ᠭᠡᠳᠡᠭ ᠪᠦᠲᠦᠭᠡᠯ  ᠨᠢ ᠪᠦᠬᠦ ᠤᠯᠤᠰ ᠤᠨ ᠠᠷᠪᠠᠨ ᠨᠢᠭᠡᠳᠦᠭᠡᠷ ᠬᠤᠭᠤᠴᠠᠭᠠᠨ ᠤ ︽ ᠲᠣᠭᠣᠰ ᠬᠠᠳᠠᠭᠠᠰᠤ ︾ ᠴᠥᠭᠡᠨ ᠲᠣᠭᠠᠲᠤ ᠦᠨᠳᠦᠰᠦᠲᠡᠨ  ᠦ ᠬᠥᠭᠵᠢᠮ ᠦᠨ ᠤᠷᠤᠯᠳᠤᠭᠠᠨ ᠳᠤ ᠱᠠᠩᠨᠠᠯ ᠬᠦᠷᠲᠡᠪᠡ ᠃ 2007ᠣᠨ ᠳᠤ ︽ ᠲᠠᠯ᠎ᠠ ᠨᠤᠲᠤᠭ ᠤᠨ ᠤᠶᠠᠩᠭ᠎ᠠ ᠶᠢᠨ ᠳᠠᠭᠤᠤ ︾ ᠭᠡᠳᠡᠭ ᠮᠣᠩᠭᠣᠯ ᠦᠨᠳᠦᠰᠦᠲᠡᠨ ᠦ ᠬᠤᠪᠢ ᠬᠥᠮᠦᠨ ᠦ ᠱᠠᠨᠵᠠ ᠶᠢᠨ ᠭᠣᠴᠣᠯᠠᠯ ᠬᠥᠭᠵᠢᠮ ᠦᠨ ᠦᠳᠡᠰᠢᠯᠡᠭᠡ ᠡᠷᠬᠢᠯᠡᠪᠡ ᠃ ᠣᠳᠣ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠂ ᠥᠪᠥᠷ ᠮᠣᠩᠭᠣᠯ ᠤᠨ ᠶᠡᠬᠡ ᠰᠤᠷᠭᠠᠭᠤᠯᠢ  ᠶᠢᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠂ ᠥᠪᠥᠷ ᠮᠣᠩᠭᠣᠯ ᠤᠨ ᠦᠨᠳᠦᠰᠦᠲᠡᠨ  ᠦ ᠶᠡᠬᠡ ᠰᠤᠷᠭᠠᠭᠤᠯᠢ ᠶᠢᠨ ᠤᠷᠠᠯᠢᠭ ᠤᠨ ᠰᠠᠯᠪᠤᠷᠢ ᠳᠤ ᠱᠠᠨᠵᠠ ᠶᠢᠨ ᠲᠤᠰᠬᠠᠢ ᠮᠡᠷᠭᠡᠵᠢᠯ ᠦᠨ ᠪᠠᠭᠰᠢ ᠪᠠᠷ ᠣᠨᠴᠠ ᠤᠷᠢᠭᠳᠠᠨ ᠪᠠᠭᠰᠢᠯᠠᠵᠤ ᠪᠤᠢ ᠃ ᠵᠢᠷᠤᠭ

31 32 3-3 34

5-1

5-2

5-3

5-4

ᠰᠢᠭᠦᠮᠵᠢ ᠦᠯᠡᠳᠡᠭᠡᠬᠦ