• 1 ℃
    2017ᠣᠨ ᠤ 09ᠰᠠᠷ᠎ᠠ ᠶᠢᠨ 20ᠡᠳᠦᠷ

ᠤᠨᠴᠠᠯᠢᠭᠳᠤ ᠡᠬᠢ ᠪᠠᠶᠠᠯᠢᠭ

  • ᠰᠤᠷᠪᠤᠯᠵᠢ ᠶᠢᠨ ᠨᠡᠷ᠎ᠡ᠄ 
  • ᠭᠤᠷᠪᠠ ᠄ ᠴᠤᠭᠤᠷ  ᠤᠨ ᠭᠤᠴᠤᠯᠠᠯ ᠬᠦᠭᠵᠢᠮ
  • ᠵᠣᠬᠢᠶᠠᠭᠴᠢ᠄ 
  • ᠥᠪᠥᠷ ᠮᠣᠩᠭᠣᠯ ᠤᠨ ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠦᠨ ᠣᠷᠳᠤᠨ
  • ᠪᠠᠭᠲᠠᠭᠠᠮᠵᠢ᠄ 
  • 52 MB
  • ᠰᠤᠷᠪᠤᠯᠵᠢ ᠶᠢᠨ ᠲᠥᠷᠥᠯ ᠵᠦᠢᠯ ᠄ 
  • ᠨᠡᠢᠲᠡᠯᠡᠭᠰᠡᠨ ᠴᠠᠭ ᠄
  • 2017-02-07
  • ᠄   40
  • ᠄   0
  • ᠄   0
  • ᠄  0

ᠮᠣᠩᠭᠣᠯ ᠦᠨᠳᠦᠰᠦᠲᠡᠨ ᠦ ᠢᠵᠠᠭᠤᠷ ᠤᠷᠠᠯᠢᠭ ᠤᠨ ᠡᠭᠦᠰᠦᠯ ᠭᠠᠷᠤᠯ  ᠨᠢ ᠡᠷᠲᠡᠨ ᠦ ᠨᠡᠭᠦᠳᠡᠯᠴᠢᠨ ᠮᠣᠩᠭᠣᠯᠴᠤᠳ  ᠤᠨ ᠪᠠᠶᠢᠭᠠᠯᠢ ᠣᠷᠴᠢᠨ ᠠᠴᠠ ᠰᠡᠷᠡᠯᠲᠡ ᠠᠪᠴᠤ ︽ ᠴᠤᠭᠤᠷ ︾ ᠭᠡᠬᠦ ᠡᠷᠲᠡᠨ ᠦ ᠬᠥᠭᠵᠢᠮᠲᠦ ᠰᠣᠶᠣᠯ ᠤᠨ ᠡᠭᠦᠰᠦᠨ ᠢᠯᠡᠷᠡᠬᠦ ᠠᠩᠬᠠᠨ ᠤ ᠨᠡᠷᠡᠶᠢᠳᠦᠯ ᠡᠴᠡ ᠬᠥᠭᠵᠢᠨ ᠭᠠᠷᠤᠭᠰᠠᠨ ᠢᠵᠠᠭᠤᠷ ᠤᠷᠠᠯᠢᠭ ᠤᠨ ᠲᠥᠷᠥᠯ ᠪᠣᠯᠤᠨ᠎ᠠ ᠃ ᠮᠣᠩᠭᠣᠯᠴᠤᠳ ᠤᠨ ᠠᠵᠤ ᠲᠥᠷᠥᠵᠦ ᠠᠮᠢᠳᠤᠷᠠᠵᠤ ᠪᠠᠶᠢᠭᠰᠠᠨ ᠪᠠᠶᠢᠭᠠᠯᠢ ᠣᠷᠴᠢᠨ ᠤ ᠨᠥᠯᠥᠭᠡ ᠡᠴᠡ ᠡᠨᠡᠬᠦ ︽ ᠴᠤᠭᠤᠷ ︾ ᠭᠡᠬᠦ ᠨᠡᠷᠡᠶᠢᠳᠦᠯ ᠪᠤᠢ ᠪᠣᠯᠤᠭᠰᠠᠨ  ᠨᠢ ᠳᠠᠮᠵᠢᠭ ᠦᠭᠡᠢ ᠶᠤᠮ ᠃ ᠡᠭᠦᠨ ᠳᠦ ᠡᠷᠲᠡᠨ ᠦ ᠮᠣᠩᠭᠣᠯᠴᠤᠳ ᠤᠨ ᠨᠡᠭᠦᠳᠡᠯ ᠮᠠᠯᠵᠢᠯ ᠂ ᠠᠩ ᠠᠩᠨᠠᠯ ᠤᠨ ᠰᠣᠶᠣᠯ ᠲᠤᠶᠢᠯ ᠤᠨ ᠶᠡᠬᠡ ᠨᠥᠯᠥᠭᠡ ᠦᠵᠡᠭᠦᠯᠦᠭᠰᠡᠨ ᠭᠡᠵᠦ ᠦᠵᠡᠵᠦ ᠪᠠᠶᠢᠨ᠎ᠠ ᠃ ᠶᠡᠷᠦ  ᠨᠢ ᠮᠣᠩᠭᠣᠯᠴᠤᠳ ᠤᠨ ᠮᠠᠯ ᠮᠠᠯᠯᠠᠬᠤ ᠂ ᠠᠩ ᠬᠦᠷᠦᠭᠡ ᠬᠢᠵᠦ ᠠᠮᠢᠳᠤᠷᠠᠯ ᠢᠶᠠᠨ ᠠᠷᠭᠠᠴᠠᠬᠤ ᠳᠤ ᠮᠠᠯ ᠳᠠᠭᠠᠨ ᠳᠠᠭᠤ ᠬᠣᠭᠣᠯᠠᠢ ᠲᠠᠨᠢᠭᠤᠯᠬᠤ ᠪᠠ ᠠᠩ ᠭᠥᠷᠥᠭᠡᠰᠦ ᠶᠢ ᠥᠳᠥᠭᠡᠨ ᠳᠠᠭᠤᠳᠠᠬᠤ ᠵᠡᠷᠭᠡ ᠦᠢᠯᠡ ᠠᠵᠢᠯᠯᠠᠭ᠎ᠠ  ᠨᠢ ᠴᠥᠮ ᠡᠨᠡᠬᠦ ᠴᠤᠤᠷᠢᠶ᠎ᠠ ᠲᠠᠲᠠᠭᠤᠯᠳᠠᠭ ᠳᠠᠭᠤ ᠠᠪᠢᠶᠠᠨ ᠤ ᠳᠣᠬᠢᠶ᠎ᠠ ᠳᠠᠭᠤᠳᠠᠯᠭ᠎ᠠ ᠶᠢ ᠥᠩᠭᠡᠷᠡᠭᠡᠭᠰᠡᠨ ᠪᠠᠶᠢᠯ᠎ᠠ ᠃ ᠡᠶᠢᠮᠦ ᠡᠴᠡ ᠮᠣᠩᠭᠣᠯᠴᠤᠳ ᠤᠨ ᠣᠯᠠᠨ ᠬᠣᠭᠣᠯᠠᠢ ᠳᠠᠪᠬᠤᠴᠠᠨ ᠳᠠᠭᠤ ᠭᠠᠷᠭᠠᠬᠤ ᠶᠢᠨ ᠬᠡᠯᠪᠡᠷᠢ ᠶᠢ ︽ ᠴᠤᠭᠤᠷ ︾ ᠭᠡᠵᠦ ᠨᠡᠷᠡᠯᠡᠭᠰᠡᠨ ᠪᠠᠶᠢᠵᠤ ᠪᠣᠯᠬᠤ ᠶᠤᠮ ᠃

11

3  1 ᠰᠡᠷᠡᠰᠢ ᠶᠢᠨ ᠴᠤᠭᠤᠷ ᠤᠨ ᠠᠶᠠᠯᠭᠤ

12

ᠰᠡᠷᠡᠰᠢ ᠂ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠴᠤᠭᠤᠷ ᠤᠨ ᠶᠡᠬᠡ ᠪᠠᠭᠰᠢ ᠂ ᠠᠯᠳᠠᠷᠲᠤ ᠰᠤᠷᠭᠠᠨ ᠬᠥᠮᠦᠵᠢᠯᠲᠡᠨ ᠃ 1887 ᠣᠨ ᠳᠤ ᠥᠪᠥᠷ ᠮᠣᠩᠭᠣᠯ ᠤᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠳᠤ ᠨᠢᠭᠡᠨ ᠶᠠᠳᠠᠭᠤᠯᠢᠭ ᠠᠮᠢᠳᠤᠷᠠᠯ ᠲᠠᠢ ᠮᠠᠯᠴᠢᠨ ᠤ ᠬᠥᠪᠡᠭᠦᠨ ᠪᠣᠯᠵᠤ ᠵᠠᠶᠠᠭᠠᠪᠠ ᠃ ᠬᠡᠦᠬᠡᠳ ᠪᠠᠭ᠎ᠠ ᠶᠢᠨ ᠦᠶ᠎ᠡ ᠳᠡᠭᠡᠨ ᠡᠴᠢᠭᠡ ᠡᠪᠦᠭᠡ ᠵᠡᠷᠭᠡ ᠬᠡᠳᠦᠨ ᠦᠶ᠎ᠡ ᠶᠢᠨ ᠳᠡᠭᠡᠳᠦᠰ ᠡᠴᠡ ᠪᠡᠨ ᠳᠠᠭᠤᠤ ᠬᠥᠭᠵᠢᠮ ᠦᠨ ᠰᠢᠯᠢᠳᠡᠭ ᠰᠠᠶᠢᠨ ᠬᠥᠮᠦᠵᠢᠯ ᠬᠦᠷᠲᠡᠵᠦ 13 ᠨᠠᠰᠤᠨ ᠠᠴᠠ ᠪᠠᠨ ᠣᠯᠠᠨ ᠤ ᠳᠤᠮᠳᠠ ᠬᠤᠭᠤᠷᠳᠠᠬᠤ ᠴᠤᠭᠤᠷᠳᠠᠬᠤ ᠪᠣᠯᠵᠠᠢ ᠃ 21 ᠨᠠᠰᠤᠨ ᠳᠠᠭᠠᠨ ᠬᠡᠷ ᠡᠴᠡ ᠰᠠᠯᠵᠤ ᠮᠣᠷᠢᠨ ᠰᠦᠮ᠎ᠡ ᠳᠦ ᠪᠠᠨᠳᠢ ᠪᠣᠯᠬᠤ ᠶᠢᠨ ᠳᠠᠭᠠᠤ ᠠᠷᠠᠳ ᠤᠨ ᠤᠷᠠᠯᠢᠭᠴᠢᠨ ᠷᠢᠨᠴᠢᠨ ᠳᠦ ᠱᠠᠪᠢ ᠣᠷᠣᠪᠠ ᠃ 1911 ᠣᠨ ᠳᠤ ᠠᠷᠠᠳ ᠤᠨ ᠲᠤᠰᠬᠠᠢ ᠤᠷᠠᠯᠢᠭᠴᠢᠨ ᠪᠣᠯᠵᠤ ᠬᠣᠷᠴᠢᠨ ᠨᠤᠲᠤᠭ ᠢᠶᠠᠷ ᠬᠡᠰᠦᠭᠦᠴᠢᠯᠡᠨ ᠲᠣᠭᠣᠷᠢᠵᠠᠢ ᠃ ᠶᠠᠫᠣᠨ ᠮᠠᠨᠵᠤ ᠶᠢᠨ ᠦᠶ᠎ᠡ ᠳᠦ ᠵᠡᠭᠦᠨ ᠮᠣᠩᠭᠣᠯ ᠤᠨ ᠠᠷᠠᠳ ᠤᠨ ᠤᠷᠠᠯᠢᠭᠴᠢᠳ ᠤᠨ ᠪᠦᠯᠬᠦᠮ ᠳᠦ ᠲᠣᠮᠢᠯᠠᠭᠳᠠᠨ ᠶᠠᠫᠣᠨ ᠤᠯᠤᠰ ᠲᠤ ᠲᠣᠭᠯᠠᠬᠤ ᠶᠢᠨ ᠬᠠᠮᠲᠤ ᠮᠠᠰᠢ ᠣᠯᠠᠨ ᠰᠢᠯᠢᠳᠡᠭ ᠰᠠᠶᠢᠬᠠᠨ ᠠᠷᠠᠳ ᠤᠨ ᠬᠥᠭᠵᠢᠮ ᠢ ᠬᠤᠭᠤᠷᠳᠠᠨ ᠰᠢᠩᠭᠡᠭᠡᠭᠰᠡᠨ ᠪᠠᠶᠢᠨ᠎ᠠ ᠃ 1948 ᠣᠨ ᠳᠤ ᠥᠪᠥᠷ ᠮᠣᠩᠭᠣᠯ ᠤᠨ ᠳᠠᠭᠤᠤ ᠬᠥᠭᠵᠢᠮ ᠦᠨ ᠪᠦᠯᠬᠦᠮ ᠳᠦ ᠡᠯᠰᠡᠭᠳᠡ ᠮᠡᠷᠭᠡᠵᠢᠯ ᠦᠨ ᠬᠥᠭᠵᠢᠮᠴᠢᠨ ᠪᠣᠯᠵᠠᠢ ᠃ 1957 ᠣᠨ ᠳᠤ ᠥᠪᠥᠷ ᠮᠣᠩᠭᠣᠯ ᠤᠨ ᠤᠷᠠᠯᠢᠭ ᠤᠨ ᠰᠤᠷᠭᠠᠭᠤᠯᠢ ᠳᠤ ᠪᠠᠭᠰᠢᠯᠠᠭᠰᠠᠨ ᠠᠴᠠ ᠬᠣᠶᠢᠰᠢ ᠴᠢ ᠂ ᠣᠳᠬᠣᠨᠪᠠᠶᠠᠷ ᠂ ᠰᠠᠩᠳᠦᠭᠦᠷᠡᠩ ᠵᠡᠷᠭᠡ ᠠᠯᠳᠠᠷᠲᠤ ᠰᠤᠷᠭᠠᠨ ᠬᠥᠮᠦᠵᠢᠯᠲᠡᠨ ᠪᠣᠯᠤᠨ ᠬᠥᠭᠵᠢᠮᠴᠢᠨ ᠢ ᠬᠥᠮᠦᠵᠢᠭᠦᠯᠵᠡᠢ ᠃ 20 ᠳ᠋ᠤᠭᠠᠷ ᠵᠠᠭᠤᠨ ᠤ ᠵᠢᠷᠠᠭᠠᠳ ᠣᠨ ᠢᠶᠠᠷ ᠪᠡᠭᠡᠵᠢᠩ ᠳᠦ ᠡᠷᠳᠡᠮ ᠰᠢᠨᠵᠢᠯᠡᠭᠡᠨ ᠦ ᠢᠯᠡᠳᠬᠡᠯ ᠬᠢᠬᠦ ᠶᠢᠨ ᠳᠠᠭᠠᠤ ᠳᠠᠭᠤᠤ ᠬᠥᠭᠵᠢᠮ ᠢ ᠬᠤᠭᠤᠷᠳᠠᠨ ᠰᠢᠩᠭᠡᠭᠡᠭᠰᠡᠨ ᠪᠠᠶᠢᠨ᠎ᠠ ᠃ 1968 ᠣᠨ ᠳᠤ ︽ ᠰᠣᠶᠣᠯ  ᠤᠨ ᠶᠡᠬᠡ ᠬᠤᠪᠢᠰᠬᠠᠯ ︾ ᠤᠨ ᠲᠠᠮᠤᠯᠠᠯ ᠢ ᠲᠡᠰᠪᠦᠷᠢᠯᠡᠵᠦ ᠡᠰᠡ ᠳᠡᠶᠢᠯᠦᠭᠡᠳ ᠶᠢᠷᠲᠢᠨᠴᠦ ᠡᠴᠡ ᠠᠩᠭᠢᠵᠢᠷᠠᠪᠠ ᠃ ᠲᠡᠷᠡ ᠮᠣᠩᠭᠣᠯ ᠠᠷᠠᠳ ᠤᠨ ᠳᠠᠭᠤᠤ ᠪᠣᠯᠤᠨ ᠪᠠᠭᠠᠲᠤᠷᠯᠢᠭ ᠲᠤᠤᠯᠢ ᠶᠢ ᠮᠠᠰᠢ ᠴᠢᠳᠠᠪᠤᠷᠢᠯᠠᠭ ᠬᠥᠭᠵᠢᠮᠳᠡᠳᠡᠭ ᠪᠢᠯᠡ ᠃ ︽ ᠨᠠᠷᠠᠨᠴᠢᠮᠡᠭ ︾ ᠂ ︽ ᠨᠠᠢᠮᠠᠨ ᠠᠶᠠᠯᠭᠤ ︾ ᠂ ︽ ᠵᠦᠰᠡᠷᠡᠴᠢ ︾ ᠂ ︽ ᠪᠣᠮᠪᠣ ᠶᠢᠨ ᠰᠢᠯᠢ ︾ ᠂ ︽ ᠬᠠᠢᠯᠤᠩ  ︾ ᠵᠡᠷᠭᠡ ᠪᠣᠯ ᠲᠡᠭᠦᠨ ᠦ ᠮᠠᠰᠢ ᠰᠠᠶᠢᠬᠠᠨ ᠬᠥᠭᠵᠢᠮᠳᠡᠳᠡᠭ ᠳᠠᠭᠤᠤ ᠬᠥᠭᠵᠢᠮ ᠦᠳ ᠪᠣᠯᠬᠤ ᠶᠤᠮ ᠃ ᠲᠡᠷᠡ ᠂ ᠳᠤᠮᠳᠠᠳᠤ ᠤᠯᠤᠰ ᠤᠨ ᠳᠠᠭᠤᠤ ᠬᠥᠭᠵᠢᠮᠴᠢᠳ ᠦᠨ ᠨᠡᠶᠢᠭᠡᠮᠯᠢᠭ ᠦᠨ ᠲᠡᠷᠢᠭᠦᠯᠡᠭᠴᠢ ᠂ ᠥᠪᠥᠷ ᠮᠣᠩᠭᠣᠯ ᠤᠨ ᠳᠠᠭᠤᠤ ᠬᠥᠭᠵᠢᠮ ᠦᠨ ᠨᠡᠶᠢᠭᠡᠮᠯᠢᠭ  ᠦᠨ ᠲᠡᠷᠢᠭᠦᠯᠡᠭᠴᠢ ᠂ ᠥᠪᠥᠷ ᠮᠣᠩᠭᠣᠯ ᠤᠨ ᠤᠳᠬ᠎ᠠ ᠤᠷᠠᠯᠢᠭ ᠤᠨ ᠬᠢᠨ ᠦ ᠬᠣᠯᠪᠣᠭ᠎ᠠ ᠶᠢᠨ ᠳᠡᠳ᠋ ᠲᠡᠷᠢᠭᠦᠯᠡᠭᠴᠢ ᠪᠠᠶᠢᠵᠠᠢ ᠃

3 | 2 ᠣᠳᠬᠣᠨᠪᠠᠶᠠᠷ ᠤᠨ ᠴᠤᠭᠤᠷ ᠤᠨ ᠠᠶᠠᠯᠭᠤ

13

ᠴᠢ‍ ᠣᠳᠬᠣᠨᠪᠠᠶᠠᠷ ᠡᠷᠡᠭᠲᠡᠢ ᠂ ᠮᠣᠩᠭᠣᠯ ᠦᠨᠳᠦᠰᠦᠲᠡᠨ ᠂ ᠠᠯᠳᠠᠷᠲᠤ ᠴᠣᠭᠣᠷᠴᠢᠨ ᠪᠥᠭᠡᠳ ᠠᠯᠳᠠᠷᠲᠤ ᠮᠣᠷᠢᠨ ᠬᠤᠭᠤᠷ ᠤᠨ ᠶᠡᠬᠡ ᠪᠠᠭᠰᠢ ᠃ 1938 ᠣᠨ ᠳᠤ ᠥᠪᠥᠷ ᠮᠣᠩᠭᠣᠯ ᠤᠨ ᠵᠠᠷᠤᠳ ᠬᠣᠰᠢᠭᠤᠨ ᠳᠤ ᠨᠢᠭᠡᠨ ᠶᠠᠳᠠᠭᠤᠯᠢᠭ ᠠᠮᠢᠳᠤᠷᠠᠯ ᠲᠠᠢ ᠮᠠᠯᠴᠢᠨ ᠤ ᠬᠥᠪᠡᠭᠦᠨ ᠃ 1957 ᠣᠨ ᠮᠣᠩᠭᠣᠯ ᠤᠨ ᠤᠷᠠᠯᠢᠭ ᠤᠨ ᠰᠤᠷᠭᠠᠭᠤᠯᠢ ᠳᠤ ᠰᠢᠯᠭᠠᠨ ᠣᠷᠣᠭᠠᠳ ᠠᠯᠳᠠᠷᠲᠤ ᠠᠪᠤᠭᠠᠢ ᠠᠴᠠ ᠴᠤᠭᠤᠷ ᠰᠤᠷᠪᠠ ᠃ 1960 ᠣᠨ ᠳᠤ ᠰᠤᠷᠤᠯᠭ᠎ᠠ  ᠪᠠᠨ ᠲᠡᠭᠦᠰᠦᠭᠡᠳ ᠰᠤᠷᠭᠠᠭᠤᠯᠢ ᠳᠠᠭᠠᠨ ᠪᠠᠭᠰᠢᠯᠠᠬᠤ ᠠᠯᠳᠠᠷᠲᠤ ᠮᠣᠷᠢᠨ ᠬᠤᠭᠤᠷᠴᠢᠨ ᠪᠠᠯᠭᠠᠨ ᠠᠴᠠ ᠮᠣᠷᠢᠨ ᠬᠤᠭᠤᠷ ᠰᠤᠷᠴᠠᠢ ᠃ 1964 ᠣᠨ ᠳᠤ ᠪᠠᠷᠠᠭᠤᠨ ᠦᠵᠦᠮᠦᠴᠢᠨ ᠬᠣᠰᠢᠭᠤᠨ ᠤ ᠤᠯᠠᠭᠠᠨᠮᠥ᠍ᠴᠢᠷ ᠲᠦ ᠠᠵᠢᠯ ᠰᠢᠯᠵᠢᠵᠡᠢ ᠃ ︽ ᠰᠣᠶᠣᠯ ᠤᠨ ᠶᠡᠬᠡ ᠬᠤᠪᠢᠰᠬᠠᠯ ︾ ᠤᠨ ᠳᠤᠮᠳᠠ ᠬᠠᠰᠢᠷᠠᠲᠠᠯ᠎ᠠ ᠲᠠᠷᠴᠢᠯᠠᠭᠠᠭᠳᠠᠨ 10 ᠵᠢᠯ ᠮᠠᠯ ᠬᠠᠷᠢᠭᠤᠯᠪᠠ ᠃ 1977 ᠣᠨ ᠳᠤ ᠥᠪᠥᠷ ᠮᠣᠩᠭᠣᠯ ᠤᠨ ᠤᠷᠠᠯᠢᠭ ᠤᠨ ᠰᠤᠷᠭᠠᠭᠤᠯᠢ ᠳᠤ ᠲᠡᠭᠦᠨ ᠪᠤᠴᠠᠭᠠᠨ ᠠᠪᠴᠢᠷᠠᠭᠠᠳ ᠮᠣᠷᠢᠨ ᠬᠤᠭᠤᠷ ᠤᠨ ᠪᠠᠭᠰᠢ ᠶᠢᠨ ᠠᠵᠢᠯ ᠢ  ᠨᠢ ᠰᠡᠷᠭᠦᠭᠡᠵᠦ ᠥᠭᠴᠡᠢ ᠃ 1987 ᠣᠨ ᠳᠤ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠳᠤ ᠮᠣᠷᠢᠨ ᠬᠤᠭᠤᠷ ᠪᠠ ᠴᠤᠭᠤᠷ ᠤᠨ ᠮᠡᠷᠭᠡᠵᠢᠯ 2002 ᠣᠨ ᠳᠤ ᠨᠠᠰᠤ ᠨᠥᠭᠴᠢᠪᠡ ᠃ ᠲᠡᠷᠡ ᠪᠣᠯ ᠴᠤᠭᠤᠷ ᠤᠨ ᠰᠢᠯᠭᠠᠷᠠᠭᠰᠠᠨ ᠵᠠᠯᠭᠠᠮᠵᠢᠯᠠᠭᠴᠢ ᠮᠥᠨ ᠪᠥᠭᠡᠳ ᠤᠯᠠᠮᠵᠢᠯᠠᠭᠴᠢ ᠪᠣᠯᠬᠤ ᠶᠤᠮ ᠃ ᠴᠤᠭᠤᠷ ᠤᠨ ᠬᠥᠭᠵᠢᠮᠳᠡᠬᠦ ᠠᠷᠭ᠎ᠠ ᠶᠢ ᠪᠦᠲᠦᠭᠡᠯᠴᠢ ᠪᠡᠷ ᠵᠠᠯᠭᠠᠮᠵᠢᠯᠠᠨ ᠠᠪᠴᠤ ᠮᠥᠬᠥᠯ  ᠡᠴᠡ ᠠᠪᠤᠷᠠᠭᠰᠠᠨ ᠲᠡᠳᠦᠢ ᠦᠭᠡᠢ ᠣᠪᠣᠭ᠎ᠠ ᠂ ᠤᠶᠤᠨᠭᠡᠷᠡᠯ ᠂ ᠪᠦᠷᠢᠨᠲᠡᠭᠦᠰ ᠂ ᠡᠷᠳᠡᠨᠢᠰᠦ᠍ᠬᠡ ᠂ ᠂ ᠰᠣᠳᠣᠪᠢᠯᠢᠭ ᠵᠡᠷᠭᠡ ᠠᠯᠢ ᠣᠯᠠᠨ ᠰᠢᠯᠢᠳᠡᠭ ᠮᠣᠷᠢᠨ ᠬᠤᠭᠤᠷᠴᠢᠨ ᠂ ᠴᠣᠭᠣᠷᠴᠢᠨ ᠬᠢᠭᠡᠳ ᠪᠠᠭᠰᠢ ᠶᠢᠨ ᠬᠦᠴᠦᠨ ᠢ ᠬᠥᠮᠦᠵᠢᠭᠦᠯᠦᠭᠰᠡᠨ ᠶᠤᠮ ᠃ ᠴᠢ ᠂ ᠣᠳᠬᠣᠨᠪᠠᠶᠠᠷ ︽ ᠮᠠᠩᠭᠤᠰ ︾ ᠂ ︽ ᠮᠥᠷᠥᠭᠡᠳᠦᠯ ︾ ᠂ ︽ ᠳᠤᠷᠠᠰᠤᠮᠵᠢ ︾ ᠵᠡᠷᠭᠡ ᠮᠠᠰᠢ ᠣᠯᠠᠨ ᠮᠣᠷᠢᠨ ᠬᠣᠨᠣᠴᠣᠳ ᠭᠣᠴᠣᠯᠠᠯ ᠠᠶᠠᠯᠭᠤ ᠵᠣᠬᠢᠶᠠᠭᠰᠠᠨ ᠪᠥᠭᠡᠳ ︽ ᠠᠯᠢᠮ᠎ᠠ ︾ ᠵᠡᠷᠭᠡ ᠺᠢᠨᠣ᠋ ᠤᠨ ᠴᠤᠭᠤᠷ ᠤᠨ ᠠᠶᠠᠯᠭᠤ ᠶᠢ ᠬᠥᠭᠵᠢᠮᠳᠡᠨ  ᠢ ᠴᠣ ᠪᠡᠶᠡᠯᠡᠭᠦᠯᠦᠭᠰᠡᠨ ᠪᠢᠯᠡ ᠃ ᠲᠡᠷᠡ ᠠᠮᠢᠳᠤ ᠰᠡᠷᠡᠭᠦᠨ ᠪᠠᠶᠢᠬᠤ ᠳᠠᠭᠠᠨ ᠳᠤᠮᠳᠠᠳᠤ ᠤᠯᠤᠰ ᠤᠨ ᠳᠠᠭᠤᠤ ᠬᠥᠭᠵᠢᠮ ᠦᠨ ᠨᠡᠶᠢᠭᠡᠮᠯᠢᠭ ᠦᠨ ᠭᠡᠰᠢᠭᠦᠨ ᠂ ᠳᠤᠮᠳᠠᠳᠤ ᠤᠯᠤᠰ ᠤᠨ ᠮᠣᠷᠢᠨ ᠬᠤᠭᠤᠷ ᠤᠨ ᠡᠷᠳᠡᠮ ᠰᠢᠨᠵᠢᠯᠡᠭᠡᠨ ᠦ ᠨᠡᠶᠢᠭᠡᠮᠯᠢᠭ ᠦᠨ ᠲᠡᠷᠢᠭᠦᠯᠡᠭᠴᠢ ᠂ᠥᠪᠥᠷ ᠮᠣᠩᠭᠣᠯ ᠤᠨ ᠳᠠᠭᠤᠤ ᠬᠥᠭᠵᠢᠮ ᠦᠨ ᠨᠡᠶᠢᠭᠡᠮᠯᠢᠭ ᠦᠨ ᠭᠡᠰᠢᠭᠦᠨ ᠃

MP3 ᠳᠠᠭᠤ

3  4 ᠡᠷᠳᠠᠨᠢᠪᠦᠬᠡ ᠵᠢᠨ ᠴᠤᠭᠤᠷ  ᠤᠨ ᠠᠶᠠᠯᠭᠤ

15

ᠡᠷᠳᠡᠨᠢᠰᠦ᠍ᠬᠡ ᠂ ᠡᠷᠡᠭᠲᠡᠢ ᠂ ᠮᠣᠩᠭᠣᠯ ᠦᠨᠳᠦᠰᠦᠲᠡᠨ ᠂ ᠮᠣᠷᠢᠨ ᠬᠤᠭᠤᠷᠴᠢᠨ ᠃ ᠥᠪᠥᠷ ᠮᠣᠩᠭᠣᠯ ᠤᠨ ᠶᠡᠬᠡ ᠰᠤᠷᠭᠠᠭᠤᠯᠢ  ᠤᠨ ᠳᠡᠭᠡᠳᠦ ᠰᠤᠷᠭᠠᠭᠤᠯᠢ ᠶᠢᠨ ᠮᠣᠷᠢᠨ ᠬᠤᠭᠤᠷ ᠤᠨ ᠪᠠᠭᠰᠢ ᠃ 1976 ᠣᠨ ᠳᠤ ᠥᠪᠥᠷ ᠮᠣᠩᠭᠣᠯ ᠤᠨ ᠵᠡᠭᠦᠨ ᠦᠵᠦᠮᠦᠴᠢᠨ ᠬᠣᠰᠢᠭᠤᠨ ᠤ ᠮᠠᠯᠴᠢᠨ ᠠᠶᠤᠰᠢ ᠪᠣᠯᠤᠨ ᠲᠡᠭᠦᠨ ᠦ ᠬᠠᠳᠤᠨ ᠭᠡᠷᠡᠯ ᠦᠨ ᠭᠤᠷᠪᠠᠳᠤᠭᠠᠷ ᠬᠥᠪᠡᠭᠦᠨ ᠪᠣᠯᠵᠤ ᠵᠠᠶᠠᠭᠠᠪᠠ ᠃ ᠪᠠᠭ᠎ᠠ ᠶᠢᠨ ᠥᠨᠳᠡᠭᠡᠨ ᠮᠣᠷᠢᠨ ᠬᠤᠭᠤᠷᠴᠢᠨ ᠤᠶᠤᠨᠭᠡᠷᠡᠯ ᠡᠴᠡ ᠮᠣᠷᠢᠨ ᠬᠤᠭᠤᠷ ᠰᠤᠷᠪᠠ ᠃ 1994 ᠣᠨ ᠳᠤ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠠᠷᠢᠶᠠᠲᠤ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠭᠤᠯᠢ ᠳᠤ ᠰᠢᠯᠭᠠᠨ ᠣᠷᠣᠭᠠᠳ ᠠᠯᠳᠠᠷᠲᠤ ᠮᠣᠷᠢᠨ ᠬᠤᠭᠤᠷ ᠤᠨ ᠪᠠᠭᠰᠢ ᠴᠢ ᠣᠳᠬᠣᠨᠪᠠᠶᠠᠷ ᠠᠴᠠ ᠴᠤᠭᠤᠷ ᠪᠣᠯᠤᠨ ᠮᠣᠷᠢᠨ ᠬᠤᠭᠤᠷ ᠰᠤᠷᠴᠠᠢ ᠃ ᠲᠡᠷᠡ ᠪᠣᠯ ᠳᠤᠮᠳᠠᠳᠤ ᠤᠯᠤᠰ ᠤᠨ ᠮᠣᠷᠢᠨ ᠬᠤᠭᠤᠷ ᠤᠨ ᠡᠷᠳᠡᠮ ᠰᠢᠨᠵᠢᠯᠡᠭᠡᠨ ᠦ ᠨᠡᠶᠢᠭᠡᠮᠯᠢᠭ ᠦᠨ ᠬᠡᠷᠡᠭ ᠡᠷᠬᠢᠯᠡᠭᠴᠢ ᠃

MP3 ᠳᠠᠭᠤ

9-1

9-3

9-4

9-3

23

26

29

30

28

22

21

24

27

25

31

33

32

34

36

35

37

38

ᠰᠢᠭᠦᠮᠵᠢ ᠦᠯᠡᠳᠡᠭᠡᠬᠦ